ᠬᠤᠰᠢᠭᠤ ᠨᠠᠮ ᠤᠨ ᠬᠤᠷᠢᠶ᠎ᠠ 2024 ᠣᠨ ᠤ ᠮᠠᠯᠵᠢᠬᠤ ︵ᠲᠠᠷᠢᠶᠠᠯᠠᠬᠤ︶ ᠣᠷᠣᠨ ᠤ ᠠᠵᠢᠯ ᠤᠨ ᠬᠤᠷᠠᠯ ᠵᠢᠴᠢ ᠤᠯᠤᠰ ᠤᠨ ᠴᠢᠬᠤᠯᠠ ᠲᠠᠷᠢᠶᠠᠯᠠᠩ ᠮᠠᠯ ᠠᠵᠤ ᠠᠬᠤᠢ ᠶᠢᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/2
      3 ᠰᠠᠷ᠎ᠠ ᠶᠢᠨ 15᠎ ᠤ ᠡᠳᠦᠷ᠂ ᠬᠤᠰᠢᠭᠤ ᠨᠠᠮ ᠤᠨ ᠬᠤᠷᠢᠶ᠎ᠠ ᠮᠠᠯᠵᠢᠬᠤ ︵ᠲᠠᠷᠢᠶᠠᠯᠠᠬᠤ︶ ᠣᠷᠣᠨ ᠤ ᠠᠵᠢᠯ ᠤᠨ ᠬᠤᠷᠠᠯ ᠵᠢᠴᠢ ᠤᠯᠤᠰ ᠤᠨ ᠴᠢᠬᠤᠯᠠ ᠲᠠᠷᠢᠶᠠᠯᠠᠩ ᠮᠠᠯ ᠠᠵᠤ ᠠᠬᠤᠢ ᠶᠢᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠭᠤᠯᠪᠠ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠠᠯᠮᠠᠰ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠳᠡᠳ᠋ ᠬᠤᠰᠢᠭᠤ ᠳᠠᠷᠤᠭ᠎ᠠ ᠰᠡᠴᠡᠨ ᠬᠤᠷᠠᠯ ᠢ ᠡᠷᠭᠢᠯᠠᠨ 2024 ᠣᠨ ᠤ ᠬᠤᠯᠪᠣᠭᠳᠠᠯ ᠪᠤᠶᠢᠭᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠤᠯᠢᠶᠠᠰᠤᠲᠠᠢ ᠪᠠᠯᠭᠠᠰᠤ᠂ ᠬᠠᠳᠠᠪᠴᠢ ᠪᠠᠯᠭᠠᠰᠤ᠂ ᠡᠵᠢᠨᠠᠭᠤᠷ ᠪᠠᠯᠭᠠᠰᠤ᠂ ᠮᠠᠨᠳᠤᠬᠤᠪᠤᠯᠠᠭ ᠪᠠᠯᠭᠠᠰᠤ ᠶᠢᠨ ᠬᠠᠷᠢᠭᠤᠴᠠᠯᠭᠠᠳᠠᠨ ᠠᠴᠠ ᠳᠣᠰ ᠳᠣᠰ ᠨᠡᠶᠢᠲᠡᠯᠢᠭ ᠶᠠᠷᠢᠶ᠎ᠠ ᠲᠠᠯᠪᠢᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠰᠢᠭᠤ ᠪᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠬᠥᠳᠡᠭᠡ ᠲᠣᠰᠬᠤᠨ᠂ ᠮᠠᠯᠴᠢᠨ ᠲᠠᠷᠢᠶᠠᠴᠢᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠠᠵᠢᠯ ᠤᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ᠰᠢᠨ᠎ᠡ ᠵᠠᠮ ᠢ ᠨᠡᠭᠡᠭᠡᠬᠦ᠂ ᠳᠤᠮᠳᠠ ᠤᠷᠤᠰᠬᠠᠯ ᠳᠤ ᠣᠷᠣᠬᠤ ᠪᠠᠷ ᠬᠥᠲᠥᠯᠥᠮᠵᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠨ᠂ ︽ᠮᠢᠩᠭ᠎ᠠ ᠲᠦᠮᠡ ᠶᠢᠨ ᠢᠨᠵᠧᠨᠧᠷᠢᠩ︾᠎ ᠤᠨ ᠲᠤᠷᠰᠢᠯᠭ᠎ᠠ ᠶᠢ ᠭᠦᠢᠴᠡᠳ ᠰᠤᠷᠤᠯᠴᠠᠨ ᠬᠡᠷᠡᠭᠯᠡᠵᠦ᠂ ᠶᠠᠳᠠᠭᠤ ᠠᠴᠠ ᠠᠩᠭᠢᠵᠢᠷᠠᠭᠤᠯᠬᠤ᠂ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠵᠤ᠂ ᠤᠯᠤᠰ ᠤᠨ ᠴᠢᠬᠤᠯᠠ ᠲᠠᠷᠢᠶᠠᠯᠠᠩ ᠮᠠᠯ ᠠᠵᠤ ᠠᠬᠤᠢ ᠶᠢᠨ  ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠬᠥᠳᠡᠭ᠊ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠰᠢᠨ᠎ᠡ ᠴᠠᠭ ᠦᠶ᠎ᠡ ᠶᠢᠨ ᠰᠢᠨ᠎ᠡ ᠠᠶᠠᠨ ᠤ ︽ᠮᠠᠯᠴᠢᠨ ᠲᠠᠷᠢᠶᠠᠴᠢᠨ᠂ ᠬᠥᠳᠡᠭᠡ ᠲᠣᠰᠬᠤᠨ ᠮᠠᠯᠴᠢᠨ ᠲᠠᠷᠢᠶᠠᠴᠢᠨ︾᠎ ᠤ ᠠᠵᠢᠯ ᠤᠨ ᠶᠡᠷᠦᠩᠬᠡᠢ ᠭᠠᠷᠳᠠᠴᠠ ᠪᠣᠯᠭᠠᠵᠤ᠂ ᠪᠥᠬᠦ ᠬᠤᠰᠢᠭᠤᠨ ᠤ ᠮᠠᠯᠵᠢᠬᠤ ᠣᠷᠣᠨ ᠤ ᠬᠥᠭᠵᠢᠯᠲᠡ ᠪᠠ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠰᠡᠨ ᠪᠠᠶᠢᠨ᠎ᠠ᠃    ᠬᠤᠰᠢᠭᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠭᠦᠨ ᠨᠢᠭᠡᠴᠡ ᠵᠢᠴᠢ ᠡᠯ᠎ᠡ ᠰᠤᠮᠤ ᠪᠠᠯᠭᠠᠰᠤ ︵ᠲᠠᠯᠠᠪᠠᠶ︶᠎ ᠶᠢᠨ ᠨᠠᠮ ᠤᠨ       ᠬᠤᠷᠢᠶ᠎ᠠ᠂ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠬᠤᠷᠠᠯ ᠳᠤ  ᠣᠷᠤᠯᠴᠠᠭᠰᠠᠨ ᠪᠠᠶᠢᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号