ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠬᠤ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/2
      3 ᠰᠠᠷ᠎ᠠ ᠶᠢᠨ 15᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠪᠥᠬᠦ ᠤᠯᠤᠰ ᠎ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠬᠤ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ  ᠬᠤᠷᠠᠯᠳᠤᠵᠤ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢ ᠡᠷᠳᠡᠨᠢᠳᠠᠯᠠᠢ ᠶᠢ ᠤᠷᠢᠵᠤ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠵᠦ᠂ ᠡᠯ᠎ᠡ ᠪᠣᠯᠪᠠᠰᠤᠨ ᠨᠢᠭᠡᠴᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ  ᠃      ᠡᠷᠳᠡᠨᠢᠳᠠᠯᠠᠢ ᠪᠦᠬᠦ ᠤᠯᠤᠰ ᠤᠨ ᠬᠤᠶᠠᠷ ᠬᠤᠷᠠᠯ ᠤᠨ ᠦᠪᠡᠳᠡᠭᠰᠢ ᠪᠠᠶᠢᠳᠠᠯ᠂ ᠬᠤᠶᠠᠷ ᠬᠤᠷᠠᠯ ᠤᠨ ᠬᠤᠭᠤᠴᠠᠭᠠᠨ ᠳᠠᠬᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠵᠠᠰᠠᠭ ᠎ ᠤᠨ ᠣᠷᠳᠣᠨ ᠤ ᠠᠵᠢᠯ ᠤᠨ ᠢᠯᠡᠳᠬᠡᠯ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠎ ᠤᠨ ᠪᠠᠶᠢᠩᠭᠤ ᠶᠢᠨ ᠬᠤᠷᠢᠶ᠎ᠠ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠳᠡ ᠵᠡᠷᠭᠡ ᠲᠠᠯ᠎ᠠ ᠪᠠᠷ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠎ ᠶᠢ ᠨᠠᠷᠢᠨ ᠲᠣᠳᠣᠷᠬᠠᠶᠢᠯᠠᠨ  ᠲᠠᠶᠢᠯᠪᠤᠷᠢᠯᠠᠵᠠᠢ᠃      ᠬᠤᠷᠠᠯ ᠳᠤ ᠣᠷᠣᠯᠴᠠᠭᠰᠠᠳ ᠠᠴᠠ ᠢᠯᠡᠷᠬᠡᠶᠢᠯᠡᠬᠦ ᠳᠡᠭᠡᠨ᠂ ᠪᠦᠬᠦ ᠲᠠᠯᠠᠪᠠᠢ ᠶᠢᠨ ᠤᠬᠠᠭᠤᠯᠤᠨ  ᠲᠠᠶᠢᠯᠪᠤᠷᠢᠯᠠᠯᠲᠠ ᠨᠢ ᠠᠭᠤᠯᠭ᠎ᠠ ᠪᠠᠷ ᠪᠠᠶᠠᠯᠢᠭ᠂ ᠠᠮᠢᠳᠤᠯᠢᠭ ᠭᠦᠨᠵᠡᠭᠡᠢ ᠪᠠᠶᠢᠵᠤ᠂ ᠮᠠᠰᠢ ᠥᠨᠳᠥᠷ ᠤᠨᠤᠯ ᠤᠨ ᠴᠢᠨᠠᠷ᠂ ᠰᠡᠩᠬᠡᠷᠡᠭᠦᠯᠬᠦ ᠴᠢᠨᠠᠷ ᠲᠠᠢ ᠪᠥᠭᠡᠳ ᠪᠠᠰᠠ ᠮᠠᠰᠢ ᠴᠢᠩᠭ᠎ᠠ ᠦᠢᠯᠡᠳᠦᠯᠭᠡ ᠶᠢᠨ ᠴᠢᠨᠠᠷ᠂ ᠬᠠᠨᠳᠤᠯᠭᠠᠲᠤ ᠴᠢᠨᠠᠷ ᠲᠠᠢ ᠪᠠᠶᠢᠵᠤ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠬᠤ᠂ ᠣᠨᠣᠪᠴᠢᠲᠠᠢ ᠡᠵᠡᠮᠳᠡᠬᠦ ᠳᠤ ᠲᠤᠶᠢᠯ ᠤᠨ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠶᠤᠮ  ᠃ ᠬᠤᠶᠢᠰᠢᠳᠠ ᠪᠢᠳᠡ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠪᠣᠯᠪᠠᠰᠤᠨ ᠨᠢᠭᠡᠴᠢ ᠶᠢ ᠡᠭᠦᠳᠦᠨ ᠪᠠᠶᠢᠭᠤᠯᠵᠤ ᠰᠢᠨ᠎ᠡ ᠳᠠᠪᠠᠯᠲᠠ ᠲᠠᠢ ᠪᠣᠯᠭᠠᠬᠤ ᠶᠢ ᠠᠬᠢᠭᠤᠯᠤᠨ᠎ᠠ ᠭᠡᠵᠡᠢ  ᠃      ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠰᠣᠶᠣᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠠᠲᠠᠪᠴᠢ ᠪᠠᠯᠭᠠᠰᠤᠨ ᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ᠂ ᠴᠠᠬᠢᠯᠭᠠᠨ ᠬᠠᠩᠭᠠᠬᠤ ᠲᠣᠪᠴᠢᠶ᠎ᠠ᠂ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠵᠡᠷᠭᠡ ᠪᠣᠯᠪᠠᠰᠤᠨ ᠨᠢᠭᠡᠴᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ  ᠃      
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号