ᠬᠤᠰᠢᠭᠤ ᠤᠯᠤᠰ ᠲᠥᠷᠥ ᠶᠢᠨ ᠵᠥᠪᠯᠡᠯᠭᠡᠨ 2024 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/23
      4 ᠰᠠᠷ᠎ᠠ ᠶᠢᠨ 9᠎ ᠤ ᠡᠳᠦᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ 2024 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ᠃      ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠪᠠᠲᠤᠮᠥ᠋ᠩᠬᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠎ ᠤᠨ ᠬᠡᠯᠲᠡᠰ ᠤᠨ ᠳᠠᠷᠤᠭ᠎ᠠ᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠬᠦᠳᠡᠷ ᠪᠣᠯᠣᠨ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢᠳ᠂ ᠤᠯᠤᠰ ᠲᠥᠷᠥ ᠎ ᠶᠢᠨ ᠵᠥᠪᠯᠡᠯᠭᠡᠨ ᠤ ᠠᠯᠪᠠᠨ ᠬᠡᠷ ᠪᠣᠯᠤᠨ ᠡᠯ᠎ᠡ ᠲᠤᠰᠬᠠᠶ ᠵᠥᠪᠯᠡᠯ ᠤᠨ ᠡᠷᠬᠢᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠶᠢᠨ ᠪᠥᠬᠦ ᠺᠠᠳ᠋ᠷ ᠠᠵᠢᠯᠲᠠᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ ︿︿ᠬᠢᠩᠭᠠᠨ ᠱᠦᠵᠢ ᠶᠢᠨ ᠬᠤᠰᠢᠭᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ ︵ᠥᠷᠭᠡᠳᠬᠡᠭᠰᠡᠨ︶ ᠬᠤᠷᠠᠯ ᠳᠡᠭᠡᠷᠡᠬᠢ ᠶᠠᠷᠢᠶ᠎ᠠ﹀﹀᠂ ︿︿ᠬᠢᠩᠭᠠᠨ ᠱᠦᠵᠢ ᠶᠢᠨ ᠪᠥᠬᠦ ᠬᠤᠰᠢᠭᠤᠨ ᠤ ᠨᠠᠮ ᠤᠨ ᠪᠠᠶᠢᠭᠤᠯᠤᠯᠲᠠ ᠵᠢᠴᠢ ᠨᠢᠭᠡᠳᠦᠮᠡᠯ ᠹᠷᠣᠨᠲ ᠤᠯᠤᠰ ᠲᠥᠷᠥ ᠬᠠᠤᠯᠢ ᠴᠠᠭᠠᠵᠠ ᠣᠯᠠᠨ ᠲᠦᠮᠡᠨᠴᠢ ᠪᠦᠯᠬᠦᠮ ᠤᠨ ᠠᠵᠢᠯ ᠤᠨ ᠬᠤᠷᠠᠯ ᠳᠡᠭᠡᠷᠡᠬᠢ ᠶᠠᠷᠢᠶ᠎ᠠ﹀﹀᠎ ᠶᠢ ᠤᠯᠠᠮᠵᠢᠯᠠᠨ ᠰᠤᠷᠤᠯᠴᠠᠭᠰᠠᠨ ᠪᠥᠭᠡᠳ ︿︿ᠵᠡᠭᠦᠨ ᠦᠵᠦᠮᠦᠴᠢᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ 2024 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠤᠯᠳᠠᠯᠭ᠎ᠠ﹀﹀᠎ ᠶᠢ ᠨᠡᠶᠢᠲᠡᠯᠡᠪᠡ᠃      ᠪᠠᠲᠤᠮᠥ᠋ᠩᠬᠡ 2024 ᠣᠨ ᠤ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ  ᠃      ᠬᠤᠷᠠᠯ ᠠᠴᠠ ᠴᠢᠬᠤᠯᠠᠴᠢᠯᠠᠭᠰᠠᠨ ᠨᠢ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠤᠯᠠᠮ ᠴᠢᠨᠠᠭᠰᠢᠳᠠ ᠴᠢᠩᠭᠠᠳᠬᠠᠵᠤ᠂ ᠨᠠᠮ ᠢ ᠬᠠᠮᠢᠶᠠᠷᠴᠤ ᠨᠠᠮ ᠎ ᠢ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ ᠨᠠᠮ ᠤᠨ ᠰᠢᠨ᠎ᠡ ᠶᠢ ᠡᠭᠦᠳᠬᠦ ᠤᠨᠤᠯ ᠢ ᠦᠨᠡᠨ ᠬᠦ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠦᠵᠡᠯ ᠰᠠᠨᠠᠭᠠᠨ ᠤ ᠵᠡᠪᠰᠡᠭ ᠪᠣᠯᠭᠠᠨ ᠬᠤᠪᠢᠷᠠᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠲᠤᠬᠠᠶᠢᠯᠠᠭᠰᠠᠨ ᠠᠵᠢᠯ ᠲᠠᠢ ᠨᠢᠭᠲᠠ ᠤᠶᠠᠯᠳᠤᠭᠤᠯᠵᠤ᠂ ᠵᠡᠷᠭᠡ ᠎ ᠪᠠᠷ ᠠᠳᠬᠤᠵᠤ ᠬᠠᠮᠲᠤ ᠪᠠᠷ ᠬᠠᠮᠢᠶᠠᠷᠬᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠤᠨ ᠲᠣᠭᠲᠠᠴᠠ ᠶᠢ ᠪᠦᠷᠢᠯᠳᠦᠭᠦᠯᠬᠦ ᠬᠡᠷᠡᠭᠲᠡᠢ᠃ ︿︿ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠲᠦᠷᠢᠮ﹀﹀᠎ ᠢ ᠴᠢᠩᠭ᠎ᠠ ᠬᠡᠷᠡᠭᠵᠢᠭᠦᠯᠵᠦ᠂ ᠺᠠᠳ᠋ᠷ ᠠᠵᠢᠯᠲᠠᠨ ᠤ ᠡᠳᠦᠷ ᠲᠤᠲᠤᠮ ᠤᠨ ᠬᠥᠮᠦᠵᠢᠯ ᠬᠠᠮᠢᠶᠠᠷᠤᠯᠲᠠ ᠶᠢ ᠴᠢᠩᠭᠠᠳᠬᠠᠵᠤ᠂ ᠺᠠᠳ᠋ᠷ ᠠᠵᠢᠯᠲᠠᠨ ᠤ ᠪᠠᠶᠢᠭᠤᠯᠭ᠎ᠠ ᠶᠢᠨ ᠲᠦᠷᠢᠮ ᠲᠣᠭᠲᠠᠭᠠᠯ ᠢ ᠵᠢᠷᠤᠮᠯᠠᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠵᠤ᠂ ᠰᠢᠨ᠎ᠡ ᠪᠠᠶᠢᠳᠠᠯ ᠳᠣᠤᠷ᠎ᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠ ᠲᠤᠯᠭᠠᠮ᠎ᠠ ᠰᠡᠳᠬᠢᠯᠭᠡ ᠶᠢ ᠦᠨᠡᠨ ᠬᠦ ᠴᠢᠩᠭᠠᠳᠬᠠᠵᠤ᠂ ᠨᠠᠮ ᠤᠨ ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢ ᠪᠥᠬᠦ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠪᠥᠬᠦ ᠶᠠᠪᠤᠴᠠ ᠡᠯ᠎ᠡ ᠲᠠᠯ᠎ᠠ ᠳᠤ ᠨᠠᠶᠢᠳᠠᠪᠦᠷᠢᠵᠢᠭᠤᠯᠬᠤ ᠬᠡᠷᠡᠭᠲᠡᠢ ᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号