ᠢᠰᠡᠭᠡᠢ ᠳᠡᠭᠡᠷ᠎ᠡ ᠤᠷᠠᠯᠠᠭᠰᠠᠨ ᠦᠪ ᠰᠤᠶᠤᠯ
ᠨᠡᠶᠢᠲᠡᠯᠡᠭᠰᠡᠨ ᠴᠠᠭ᠄
2024/4/23
      ᠢᠰᠡᠭᠡᠢ ᠰᠢᠷᠢᠮᠡᠯ ᠤᠨ ᠥᠪ ᠰᠤᠶᠤᠯ ᠪᠣᠯ ᠮᠤᠩᠭᠤᠯᠴᠤᠳ ᠤᠨ ᠤᠯᠠᠨ ᠮᠢᠩᠭᠠᠨ ᠤ ᠲᠡᠷᠲᠡᠭᠡᠬᠢ ᠮᠦᠩᠬᠡ ᠶᠢᠨ ᠬᠦᠳᠡᠯᠭᠡᠭᠡᠨᠲᠤ ᠨᠡᠭᠦᠳᠡᠯ ᠠᠬᠤᠢ ᠶᠢᠨ ᠶᠠᠪᠤᠴᠠ ᠳᠤ ᠡᠭᠦᠰᠦᠨ᠂ ᠣᠨ ᠴᠠᠭ ᠤᠨ ᠡᠯᠡᠭᠡᠯᠲᠡ ᠲᠠᠪᠲᠠᠯᠲᠠ ᠶᠢ ᠦᠩᠭᠡᠷᠡᠭᠡᠨ ᠦᠨᠦ ᠴᠠᠭ ᠤᠨ ᠤᠯᠠᠮᠵᠢᠯᠠᠯ ᠢᠶᠠᠨ ᠣᠯᠵᠤ ᠪᠠᠶᠢᠭ᠎ᠠ ᠦᠢ ᠣᠯᠠᠨ ᠣᠬᠢ ᠰᠣᠳᠣᠨ ᠣᠯᠠᠮᠵᠢᠯᠠᠯᠲᠤ ᠰᠤᠶᠤᠯ ᠤᠨ ᠨᠢᠭᠡᠨ ᠥᠨᠴᠦᠭ ᠶᠤᠮ᠃ ᠡᠨᠡ ᠬᠦ ᠢᠰᠡᠭᠡᠢ ᠰᠢᠷᠢᠮᠡᠯ ᠢᠶᠠᠨ ᠤᠯᠠᠮᠵᠢᠯᠠᠨ ᠬᠦᠭᠵᠢᠭᠦᠯᠬᠦ ᠪᠠᠷ ᠤᠷ᠎ᠠ ᠤᠬᠠᠭᠠᠨ ᠢᠶᠠᠨ ᠰᠢᠪᠬᠠᠵᠤ ᠶᠠᠪᠤᠭ᠎ᠠ ᠨᠢᠭᠡᠨ ᠪᠤᠯ ᠵᠡᠭᠦᠨ ᠦᠵᠦᠮᠦᠴᠢᠨ ᠬᠤᠰᠢᠭᠤᠨ ᠤ ᠤᠯᠢᠶᠠᠰᠤᠲᠠᠢ ᠪᠠᠯᠭᠠᠰᠤᠨ ᠤ ᠡᠷᠳᠡᠨᠢᠠᠠᠭᠤᠯᠠ ᠭᠠᠴᠠᠭᠠᠨ ᠤ ᠮᠠᠯᠴᠢᠨ ᠨᠠᠷᠠᠨᠬᠤᠸᠠᠷ ᠨᠠᠰᠤᠲᠠᠨ ᠪᠤᠯᠤᠨ᠎ᠠ᠃      ᠬᠠᠷᠠᠬᠠᠨ ᠪᠠᠭ᠎ᠠ ᠠᠴᠠ ᠪᠠᠨ ᠦᠢᠯᠡ ᠤᠶᠤᠳᠠᠯ᠂ ᠵᠢᠷᠤᠭ ᠵᠢᠷᠤᠬᠤ ᠳᠤᠷ᠎ᠠ ᠪᠠᠬ᠎ᠠ ᠲᠠᠢ ᠲᠡᠷᠡᠪᠡᠷ 17 ᠨᠠᠰᠤᠨ ᠎ ᠠᠴᠠ ᠪᠠᠨ ᠠᠩᠬ᠎ᠠ ᠡᠬᠢᠯᠡᠨ ᠢᠰᠡᠭᠡᠢ ᠰᠢᠷᠢᠮᠡᠯ ᠤᠶᠤᠵᠤ᠂ ᠤᠯᠪᠤᠭ ᠰᠢᠷᠢᠳᠡᠭ᠂ ᠠᠶᠠᠭᠠᠨ ᠲᠠᠭᠠᠷᠴᠤᠭ᠂ ᠳᠡᠭᠲᠡᠢ ᠵᠡᠷᠭᠡ ᠶᠢ ᠤᠶᠤᠵᠤ ᠰᠢᠷᠢᠨ᠂ ᠢᠰᠡᠭᠡᠢ ᠰᠢᠷᠢᠮᠡᠯ ᠢ ᠰᠠᠶᠢᠬᠠᠨ ᠰᠢᠷᠢᠵᠤ ᠤᠶᠤᠳᠠᠭ ᠢᠶᠠᠷ ᠢᠶᠠᠨ ᠨᠤᠲᠤᠭ ᠤᠰᠤᠨ ᠳᠠᠭᠠᠨ ᠠᠯᠲᠠᠷᠲᠠᠢ᠃      ᠨᠠᠷᠠᠨᠬᠤᠸᠠᠷ ᠨᠠᠰᠤᠲᠠᠨ ᠤᠯᠠᠮᠵᠢᠯᠠᠯᠲᠤ ᠰᠢᠷᠢᠬᠦ ᠠᠷᠭ᠎ᠠ᠂ ᠤᠭᠠᠯᠵᠠ ᠵᠢᠷᠤᠭ ᠢ ᠨᠢ ᠬᠤᠪᠢᠷᠠᠭᠤᠯᠬᠤ ᠦᠭᠡᠢ ᠪᠠᠶᠢᠬᠤ ᠶᠢ ᠬᠢᠴᠢᠶᠡᠳᠡᠭ ᠠᠴᠠ ᠬᠦᠮᠦᠰ ᠤᠨ ᠬᠦᠷᠢᠶᠡᠯᠡᠯ ᠢ ᠤᠯᠵᠤ᠂ ᠲᠡᠭᠦᠨ ᠢ ᠡᠷᠢᠵᠤ ᠵᠢᠷᠤᠵᠤ ᠤᠶᠤᠭᠤᠯᠬᠤ ᠬᠦᠮᠦᠨ ᠤᠯᠠᠮ ᠤᠯᠠᠨ ᠪᠣᠯᠵᠠᠢ᠃ ᠲᠡᠷᠡ ᠤᠯᠠᠮᠵᠢᠯᠠᠯᠳᠤ ᠠᠶᠠᠭᠠᠨ ᠲᠠᠭᠠᠷᠴᠤᠭ᠂ ᠳᠠᠯᠠᠯᠭ᠎ᠠ ᠶᠢᠨ ᠲᠠᠭᠠᠷᠴᠤᠭ᠂ ᠤᠯᠪᠤᠭ ᠵᠡᠷᠭᠡ ᠶᠢ ᠰᠢᠷᠢᠬᠦ ᠠᠴᠠ ᠭᠠᠳᠠᠨ᠎ᠠ᠂ ᠬᠤᠤᠰ ᠤᠷᠤ ᠶᠢᠨ ᠰᠢᠷᠢᠳᠡᠭ᠂ ᠰᠠᠨᠳᠠᠯᠢ ᠶᠢᠨ ᠰᠠᠭᠤᠳᠠᠯ ᠵᠡᠷᠭᠡ ᠶᠢ ᠰᠢᠷᠢᠵᠤ᠂ ᠪᠦᠲᠦᠭᠡᠯ ᠨᠢ ᠬᠦᠬᠡᠨᠠᠭᠤᠷ ᠮᠤᠵᠢ᠂ ᠭᠠᠨᠰᠤ ᠮᠤᠵᠢ᠂ ᠬᠦᠯᠦᠨ ᠪᠤᠶᠢᠷ ᠵᠡᠷᠭᠡ ᠤᠷᠤᠨ ᠤ ᠲᠤᠳᠤᠨ᠎ᠠ ᠭᠠᠳᠠᠨᠠᠬᠢ ᠭᠠᠵᠠᠷ ᠤᠳ ᠢᠶᠠᠷ  ᠪᠤᠷᠤᠯᠠᠭᠤᠯᠤᠭᠳᠠᠨ᠂ ᠦᠷᠭᠡᠨ ᠤᠯᠠᠨ ᠬᠡᠷᠡᠭᠯᠡᠭᠴᠢᠳ ᠤᠨ ᠪᠠᠭ᠋ᠠᠷᠬᠠᠯ ᠲᠠᠭᠠᠰᠢᠶᠠᠯ ᠢ ᠬᠦᠷᠲᠡᠭᠰᠡᠭᠡᠷ ᠢᠷᠡᠵᠡᠢ᠃      ᠨᠠᠷᠠᠨᠬᠤᠸᠠᠷ ᠨᠠᠰᠤᠲᠠᠨ 2017 ᠤᠨ ᠳᠤ ᠵᠡᠭᠦᠨ ᠦᠵᠦᠮᠦᠴᠢᠨ ᠬᠤᠰᠢᠭᠤᠨ ᠤ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ ︽ᠢᠰᠡᠭᠡᠢ ᠰᠢᠷᠢᠮᠡᠯ︾᠎ ᠤᠨ ᠦᠪᠯᠡᠨ ᠤᠯᠠᠮᠵᠢᠯᠠᠭᠴᠢ ᠪᠣᠯᠵᠤ᠂ ᠡᠳᠡᠭᠡᠷ ᠵᠢᠯ ᠤᠨ ᠲᠤᠷᠰᠢ ᠤᠯᠠᠨ ᠱᠠᠪᠢ ᠬᠦᠮᠦᠵᠢᠭᠦᠯᠵᠦ᠂ ᠢᠰᠡᠭᠡᠢ ᠰᠢᠷᠢᠮᠡᠯ ᠢ ᠨᠡᠩ ᠤᠯᠠᠨ ᠬᠦᠮᠦᠨ ᠳᠤ ᠲᠠᠨᠢᠭᠤᠯᠬᠤ ᠪᠠᠷ ᠴᠢᠷᠮᠠᠶᠢᠨ ᠠᠵᠢᠯᠯᠠᠨ᠎ᠠ᠃ ᠲᠡᠷᠡ ᠪᠠᠰᠠ ᠦᠪᠡᠷ ᠤᠨ ᠬᠡᠤᠬᠡᠨ ᠳᠡᠭᠡᠨ ᠢᠰᠡᠭᠡᠢ ᠰᠢᠷᠢᠮᠡᠯ ᠢᠶᠠᠨ ᠵᠢᠭᠠᠵᠤ ᠦᠭᠭᠦᠭᠰᠡᠨ ᠮᠦᠷᠳᠡᠭᠡᠨ ᠠᠴᠢ ᠬᠦᠦ ᠨᠢ ᠴᠤ ᠢᠰᠡᠭᠡᠢ ᠰᠢᠷᠢᠮᠡᠯ ᠰᠤᠷᠴᠤ ᠪᠠᠶᠢᠨ᠎ᠠ᠂ ᠡᠭᠦᠨ ᠠᠴᠠ ᠭᠠᠳᠠᠨ᠎ᠠ᠂ ᠢᠰᠡᠭᠡᠢ ᠰᠢᠷᠢᠮᠡᠯ ᠤᠨ ᠮᠡᠷᠭᠡᠵᠢᠯ ᠢᠶᠠᠨ ᠸᠢᠴᠠᠲ ᠬᠤᠯᠪᠤᠭ᠎ᠠ ᠪᠠᠷ ᠰᠤᠷᠤᠯᠴᠠᠬᠤ ᠰᠠᠨᠠᠭ᠎ᠠ ᠲᠠᠢ ᠬᠦᠮᠦᠰ ᠲᠤ ᠬᠠᠷᠠᠮ ᠦᠭᠡᠢ ᠵᠢᠭᠠᠨ ᠦᠭᠴᠦ᠂ ᠤᠷᠠᠨ ᠬᠤᠶᠠᠷ ᠭᠠᠷ᠂ ᠤᠶᠢᠭ᠎ᠠ ᠦᠭᠡᠢ ᠬᠦᠳᠡᠯᠮᠦᠷᠢ ᠵᠢᠳᠬᠦᠯ ᠢᠶᠠᠷ ᠰᠤᠷᠴᠤ ᠦᠪᠯᠡᠭᠰᠡᠨ ᠦᠨᠳᠦᠰᠦᠳᠡᠨ ᠤ ᠪᠠᠨ ᠦᠪ ᠰᠤᠶᠤᠯ ᠢᠶᠠᠨ ᠨᠡᠩ ᠤᠯᠠᠨ ᠬᠦᠮᠦᠨ ᠳᠤ ᠤᠯᠠᠮᠵᠢᠯᠠᠨ ᠳᠡᠯᠭᠡᠷᠡᠭᠦᠯᠬᠦ ᠳᠤ ᠦᠪᠡᠷ ᠤᠨ ᠭᠡᠰᠡᠨ ᠬᠤᠪᠢ ᠨᠡᠮᠡᠷᠢ ᠪᠠᠨ ᠦᠵᠡᠭᠦᠯᠵᠤ ᠶᠠᠪᠤᠨ᠎ᠠ……
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号