ᠮᠠᠨ ᠤ ᠬᠤᠰᠢᠭᠤᠨ ᠤ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠠᠵᠢᠯ ᠡᠷᠴᠢᠮᠲᠠᠢ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2024/4/23
    ᠪᠥᠬᠦ ᠬᠤᠰᠢᠭᠤᠨ ᠤ ᠲᠠᠯ᠎ᠠ ᠨᠤᠲᠤᠭ ᠤᠨ ᠠᠮᠢ ᠠᠬᠤᠶ ᠶᠢᠨ ᠡᠬᠢ ᠪᠠᠶᠠᠯᠢᠭ ᠢ ᠬᠠᠮᠠᠭᠠᠯᠠᠵᠦ᠂ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠠᠵᠢᠯ ᠢ ᠪᠥᠬᠦ ᠬᠦᠴᠦᠨ ᠢᠶᠠᠷ  ᠢᠶᠠᠨ ᠰᠠᠶᠢᠲᠤᠷ ᠬᠢᠬᠦ ᠶᠢᠨ ᠲᠦᠯᠦᠭᠡ᠂ ᠮᠠᠨ ᠤ ᠬᠤᠰᠢᠭᠤ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂  ᠪᠥᠬᠦ ᠬᠤᠰᠢᠭᠤᠨ ᠤ 10 ᠰᠤᠮᠤ ᠪᠠᠯᠭᠠᠰᠤ ︵ᠲᠠᠯᠠᠪᠠᠶ︶ ᠶᠢᠨ 62 ᠭᠠᠴᠠᠭᠠᠨ ᠤ 4961.19 ᠲᠦᠮᠡᠨ ᠮᠥ ᠪᠡᠯᠴᠢᠭᠡᠷ ᠳᠠᠬᠢ ᠦᠬᠡᠷ᠂ ᠬᠤᠨᠢ     ︵ᠮᠣᠷᠢ᠂ ᠲᠡᠮᠡᠭᠡ ᠶᠢ ᠪᠠᠭᠲᠠᠭᠠᠬᠤ ᠦᠭᠡᠶ︶ ᠳᠤ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠶᠢ ᠬᠡᠷᠡᠭᠵᠢᠭᠦᠯᠵᠦ᠂ 4 ᠰᠠᠷ᠎ᠠ ᠶᠢᠨ 5 ᠤ ᠡᠳᠦᠷ ᠠᠴᠠ 5 ᠰᠠᠷ᠎ᠠ ᠶᠢᠨ 19 ᠤ ᠡᠳᠦᠷ ᠪᠣᠯᠲᠠᠯ᠎ᠠ 45 ᠡᠳᠦᠷ ᠶᠠᠪᠤᠭᠳᠠᠨ᠎ᠠ᠃    ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠶᠢ ᠬᠡᠷᠡᠭᠵᠢᠭᠦᠯᠬᠦ ᠨᠢ ᠨᠤᠲᠤᠭ ᠪᠡᠯᠴᠢᠭᠡᠷ ᠤᠨ ᠠᠮᠢ ᠠᠬᠤᠶ ᠶᠢ ᠪᠦᠲᠦᠮᠵᠢᠲᠡᠶ ᠪᠠᠷ ᠬᠠᠮᠠᠭᠠᠯᠠᠬᠤ ᠪᠠᠷ ᠪᠠᠷᠠᠬᠤ ᠦᠭᠡᠶ ᠪᠠᠰᠠ ᠮᠠᠯᠴᠢᠳ ᠤᠨ ᠡᠵᠡᠩᠨᠡᠯᠲᠡ ᠶᠢᠨ ᠠᠷᠭ᠎ᠠ ᠮᠠᠶ᠋ᠢᠭ   ᠢᠶᠠᠨ ᠬᠤᠪᠢᠷᠠᠭᠤᠯᠬᠤ ᠶᠢ ᠠᠬᠢᠭᠤᠯᠵᠤ᠂ ᠥᠷᠭᠡᠨ ᠣᠯᠠᠨ ᠮᠠᠯᠴᠢᠨ ᠲᠦᠮᠡᠨ ᠢ ᠬᠥᠲᠥᠯᠥᠨ ᠵᠢᠯᠣᠭᠤᠳᠴᠤ ᠤᠯᠠᠮᠵᠢᠯᠠᠯᠲᠤ ᠪᠡᠯᠴᠢᠭᠡᠷ ᠤᠨ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠠᠷᠭ᠎ᠠ ᠮᠠᠶ᠋ᠢᠭ ᠠᠴᠠ ᠨᠢ ᠣᠳᠣ ᠦᠶ᠎ᠡ ᠶᠢᠨ ᠠᠮᠢ ᠠᠬᠤᠶ ᠮᠠᠯ ᠠᠵᠤ ᠠᠬᠤᠶ ᠶᠢᠨ ᠡᠵᠡᠩᠨᠡᠯᠲᠡ ᠬᠠᠮᠢᠶᠠᠷᠤᠯᠲᠠ ᠲᠡᠰᠢ ᠬᠤᠪᠢᠷᠠᠭᠤᠯᠬᠤ ᠶᠠᠪᠤᠳᠠᠯ ᠪᠣᠯᠤᠨ᠎ᠠ᠃    ᠣᠶᠢᠷ᠎ᠠ ᠶᠢᠨ ᠵᠢᠯ ᠳᠤ᠂ ᠮᠠᠨ ᠤ ᠬᠤᠰᠢᠭᠤ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠡᠯᠴᠢᠭᠡᠷ ᠰᠡᠷᠭᠦᠭᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠬᠠᠭᠤᠯᠤᠨ ᠳᠠᠶᠢᠴᠢᠯᠠᠬᠤ᠂ ᠵᠣᠬᠢᠶᠠᠨ ᠪᠠᠶᠢᠭᠤᠯᠤᠨ ᠬᠠᠮᠢᠶᠠᠷᠬᠤ᠂ ᠪᠠᠲᠤᠯᠠᠭ᠎ᠠ ᠦᠶᠯᠡᠴᠢᠯᠡᠭᠡ᠂ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ᠂ ᠤᠷᠭᠤᠯᠲᠠ ᠶᠢᠨ ᠪᠠᠶᠢᠳᠠᠯ ᠢ ᠬᠢᠨᠠᠨ ᠬᠡᠮᠵᠢᠬᠦ ᠵᠡᠷᠭᠡ ᠡᠯ᠎ᠡ ᠵᠦᠶᠯ ᠤᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠵᠢᠯ ᠪᠦᠷᠢ ᠶᠢᠨ ᠪᠡᠯᠴᠢᠭᠡᠷ ᠰᠡᠷᠭᠦᠭᠡᠬᠦ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ 2023 ᠣᠨ ᠳᠤ᠂ ᠪᠥᠬᠦ ᠠᠶᠢᠮᠠᠭ ᠲᠤ᠂ ᠬᠠᠮᠤᠭ ᠲᠡᠷᠢᠭᠦᠨ ᠳᠤ ᠬᠤᠶᠠᠷ ᠲᠣᠭᠤᠷᠢᠭ ᠬᠤᠶᠠᠷ ᠵᠢᠯ ᠡᠭᠡᠯᠵᠢᠯᠡᠨ ᠬᠠᠳᠤᠬᠤ ᠲᠦᠷᠢᠮ ᠢ ᠬᠡᠷᠡᠭᠵᠢᠭᠦᠯᠵᠦ᠂ ᠪᠠᠶᠢᠭᠠᠯᠢᠯᠢᠭ ᠨᠤᠲᠤᠭ ᠪᠡᠯᠴᠢᠭᠡᠷ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ᠂ ᠨᠤᠲᠤᠭ ᠪᠡᠯᠴᠢᠭᠡᠷ ᠤᠨ ᠳᠠᠷᠤᠭᠠᠰᠤ ᠶᠢ ᠬᠥᠩᠭᠡᠷᠡᠭᠦᠯᠵᠦ᠂ ᠨᠤᠲᠤᠭ ᠪᠡᠯᠴᠢᠭᠡᠷ ᠤᠨ ᠠᠮᠢ ᠠᠬᠤᠶ  ᠶᠢ ᠲᠠᠰᠤᠷᠠᠯᠲᠠ ᠥᠬᠡᠶ ᠰᠠᠶᠢᠵᠢᠷᠠᠭᠤᠯᠤᠨ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ᠂ ᠡᠪᠡᠰᠦᠨ ᠤ ᠥᠨᠳᠥᠷ ᠤᠨ ᠬᠡᠮᠵᠢᠶ᠎ᠡ᠂ ᠳᠤᠮᠳᠠᠴᠢ ᠡᠪᠡᠰᠦᠨ ᠤ ᠤᠨᠠᠯᠲᠠ ᠶᠢ ᠶᠡᠭᠡ ᠪᠠᠷ ᠳᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号