ᠬᠤᠰᠢᠭᠤ ᠨᠠᠮ ᠤᠨ ᠬᠤᠷᠢᠶ᠎ᠠ ᠶᠢᠨ ᠣᠨᠣᠯ ᠤᠨ ᠰᠣᠷᠣᠯᠴᠠᠯᠭ᠎ᠠ ᠶᠢᠨ ᠭᠤᠤᠯᠯᠠᠬᠤ ᠳᠤᠭᠤᠶᠢᠯᠠᠩ ᠤᠨ 2024 ᠣᠨ ᠤ ᠳᠦᠷᠪᠡᠳᠣᠭᠡᠷ ᠣᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/25
      4 ᠰᠠᠷ᠎ᠠ ᠶᠢᠨ 10᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠬᠤᠰᠢᠭᠤ ᠨᠠᠮ ᠤᠨ ᠬᠤᠷᠢᠶ᠎ᠠ ᠶᠢᠨ ᠣᠨᠣᠯ ᠤᠨ ᠰᠣᠷᠣᠯᠴᠠᠯᠭ᠎ᠠ ᠶᠢᠨ ᠭᠤᠤᠯᠯᠠᠬᠤ ᠳᠤᠭᠤᠶᠢᠯᠠᠩ ᠤᠨ 2024 ᠣᠨ ᠤ ᠳᠦᠷᠪᠡᠳᠣᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠣᠨᠣᠯ ᠤᠨ ᠰᠣᠷᠣᠯᠴᠠᠯᠭ᠎ᠠ ᠶᠢᠨ ᠭᠤᠤᠯᠯᠠᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃      ᠬᠤᠷᠠᠯ ᠠᠴᠠ ︿︿ᠰᠦᠨ ᠱᠤᠤ ᠴᠧᠩ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠳᠣᠭᠤᠰᠢᠯᠠᠭᠤᠯᠬᠤ ᠺᠠᠳ᠋ᠷᠴᠤᠳ ᠤᠨ ᠶᠡᠭᠡ ᠬᠤᠷᠠᠯ ᠳᠡᠭᠡᠷᠡᠬᠢ ᠶᠠᠷᠢᠶ᠎ᠠ﹀﹀᠂ ︿︿ᠼᠠᠢ ᠴᠢ ᠨᠥᠬᠦᠷ ᠤᠨ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠰᠠᠭᠤᠳᠠᠯ ᠤᠨ ᠬᠤᠷᠠᠯ ᠳᠡᠭᠡᠷᠡᠬᠢ ᠶᠠᠷᠢᠶ᠎ᠠ﹀﹀᠂ ︿︿ᠪᠦᠬᠦ ᠤᠯᠤᠰ ᠤᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ﹀﹀᠂ ︿︿ᠪᠦᠬᠦ ᠣᠷᠣᠨ ᠤ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ﹀﹀᠂ ︿︿ᠪᠦᠬᠦ ᠠᠶᠢᠮᠠᠭ ᠤᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ﹀﹀᠂ ︿︿ᠪᠦᠬᠦ ᠣᠷᠣᠨ ᠤ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ﹀﹀᠂ ︿︿ᠪᠦᠬᠦ ᠠᠶᠢᠮᠠᠭ ᠤᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ﹀﹀᠂ ︿︿ᠪᠦᠬᠦ ᠣᠷᠣᠨ ᠤ ᠦᠨᠳᠦᠰᠦᠨ ᠱᠠᠲᠤᠨ ᠤ ︿ᠤᠨᠠᠭ᠎ᠠ ᠪᠠᠷ ᠲᠡᠷᠭᠡ ᠲᠠᠲᠠᠬᠤ﹀ ᠲᠤᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ﹀﹀᠂ ︿︿ᠪᠦᠬᠦ ᠤᠯᠤᠰ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ﹀﹀᠂ ︿︿ᠪᠦᠬᠦ ᠣᠷᠣᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ﹀﹀᠂       ︿︿ᠪᠦᠬᠦ ᠠᠶᠢᠮᠠᠭ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ﹀﹀ ᠎ ᠶᠢ ᠤᠯᠠᠮᠵᠢᠯᠠᠨ ᠰᠤᠷᠤᠯᠴᠠᠪᠠ  ᠃      ᠬᠤᠷᠠᠯ ᠠᠴᠠ ᠪᠠᠰᠠ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠨ        ᠲᠤᠭᠤᠰᠢᠯᠠᠭᠤᠯᠬᠤ᠂ ᠣᠨᠴᠠᠭᠠᠶᠢᠯᠠᠨ ᠶᠡᠷᠦᠩᠬᠡᠶ ᠱᠦᠵᠢ ᠰᠢ ᠶᠢᠨ ᠫᠢᠩ ᠤᠨ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠲᠤᠬᠠᠶ ᠴᠢᠬᠤᠯᠠ ᠥᠭᠦᠯᠡᠯᠲᠡ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ      ᠎ ᠳᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠠᠵᠢᠯ ᠲᠠᠢ ᠤᠶᠠᠯᠳᠤᠭᠤᠯᠤᠨ ᠰᠤᠳᠤᠯᠤᠨ ᠶᠠᠷᠢᠯᠴᠠᠪᠠ  ᠃      ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠨᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠢ᠂ ︿︿ᠠᠷᠪᠠᠨ ᠳᠥᠷᠪᠡᠳᠦᠭᠡᠷ ᠲᠠᠪᠤᠨ ᠵᠢᠯ﹀﹀᠎ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠵᠢᠯ ᠳᠤ  ᠬᠤᠷᠠᠯᠳᠣᠭᠤᠯᠤᠭᠰᠠᠨ ᠨᠢᠭᠡ ᠣᠳᠠᠭᠠᠨ ᠤ ᠴᠢᠬᠤᠯᠠ ᠬᠤᠷᠠᠯ ᠪᠣᠯᠤᠨ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠎ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠤᠯᠭᠠᠵᠦ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ  ᠨᠢᠬᠡᠳᠭᠡᠵᠦ᠂ ᠪᠦᠬᠦ       ᠤᠯᠤᠰ᠂ ᠪᠦᠬᠦ ᠣᠷᠣᠨ᠂ ᠪᠦᠬᠦ ᠠᠶᠢᠮᠠᠭ ᠤᠨ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠳᠣᠭᠤᠰᠢᠯᠠᠭᠤᠯᠤᠨ ᠨᠠᠶᠢᠳᠠᠪᠤᠷᠢᠵᠢᠭᠤᠯᠵᠦ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠨᠡ ᠵᠢᠯ ᠤᠨ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠠᠵᠢᠯ ᠤᠨ ᠪᠠᠶᠢᠷᠢ ᠶᠢᠨ ᠪᠣᠳᠠᠲᠤ ᠪᠠᠶᠢᠳᠠᠯ ᠳᠤ ᠰᠠᠭᠤᠷᠢᠯᠠᠵᠦ᠂ ᠭᠤᠤᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢ ᠰᠠᠶᠢᠳᠣᠷ ᠠᠩᠬᠠᠷᠴᠣ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠦ᠂ ᠬᠥᠭᠵᠢᠯᠲᠡ ᠶᠢᠨ ᠰᠡᠳᠬᠢᠴᠡ ᠪᠠᠨ ᠦᠷᠭᠡᠳᠭᠡᠵᠦ᠂ ᠠᠵᠤ ᠦᠶᠯᠡᠰ ᠤᠨ ᠬᠥᠭᠵᠢᠯᠲᠡ᠂ ᠰᠣᠶᠣᠯ ᠵᠢᠭᠤᠯᠴᠢᠯᠠᠯ ᠤᠨ ᠠᠭᠤᠰᠤᠯᠴᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠶᠢᠨ ᠰᠠᠶᠢᠨ ᠲᠤᠷᠰᠢᠯᠭ᠎ᠠ᠂ ᠰᠠᠶᠢᠨ ᠠᠷᠭ᠎ᠠ᠂ ᠰᠢᠨ᠎ᠡ ᠶᠢ ᠡᠭᠦᠳᠬᠦ ᠠᠷᠭ᠎ᠠ ᠮᠠᠶ᠋ᠢᠭ ᠢ ᠰᠣᠷᠣᠯᠴᠠᠵᠦ᠂ ᠨᠡᠶᠢᠲᠡᠯᠢᠭ ᠵᠢᠱᠢᠶ᠎ᠡ ᠭᠠᠷᠭᠠᠵᠦ᠂ ᠬᠢᠯᠠᠰ ᠴᠡᠭ ᠢ ᠴᠣᠭᠴᠠᠯᠠᠵᠦ᠂ ᠮᠠᠨ ᠤ ᠬᠤᠰᠢᠭᠤᠨ ᠤ ᠣᠨᠴᠠᠯᠢᠭ ᠢ ᠠᠮᠢᠳᠤᠯᠢᠭ ᠢᠶᠠᠷ ᠢᠯᠡᠷᠡᠭᠦᠯᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ  ᠰᠠᠶᠢᠲᠠᠢ ᠬᠦᠭᠵᠢᠯᠲᠠ ᠶᠢ ᠰᠢᠨ᠎ᠡ ᠳᠡᠭᠲᠡᠷ ᠲᠤ ᠭᠠᠷᠭᠠᠬᠤ ᠬᠡᠷᠡᠭᠲᠠᠢ ᠭᠡᠵᠡᠢ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号