ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠲᠤᠰᠢᠶᠠᠯ ᠬᠠᠪᠰᠤᠷᠭᠠᠭᠰᠠᠨ ᠪᠠᠭᠰᠢ ᠶᠢ ᠤᠷᠢᠨ ᠲᠣᠮᠢᠯᠠᠬᠤ ᠶᠣᠰᠣᠯᠠᠯ ᠵᠢᠴᠢ ᠬᠠᠮᠲᠤ ᠶᠢᠨ ᠬᠢᠴᠢᠶᠡᠯ ᠪᠡᠯᠡᠳᠬᠡᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/25
      4 ᠰᠠᠷ᠎ᠠ ᠶᠢᠨ 9᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠲᠤᠰᠢᠶᠠᠯ ᠬᠠᠪᠰᠤᠷᠭᠠᠭᠰᠠᠨ ᠪᠠᠭᠰᠢ ᠶᠢ ᠤᠷᠢᠨ ᠲᠣᠮᠢᠯᠠᠬᠤ ᠶᠣᠰᠣᠯᠠᠯ ᠵᠢᠴᠢ ᠬᠠᠮᠲᠤ ᠶᠢᠨ ᠬᠢᠴᠢᠶᠡᠯ ᠪᠡᠯᠡᠳᠬᠡᠬᠦ ᠬᠤᠷᠠᠯ ᠬᠤᠷᠠᠯᠳᠤᠪᠠ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠨᠠᠮ ᠤᠨ ᠰᠤᠷᠭᠠᠭᠤᠯᠢ ᠶᠢᠨ ᠵᠠᠬᠢᠷᠤᠯ ᠠᠯᠠᠮᠠᠰ ᠶᠣᠰᠣᠯᠠᠯ ᠎ ᠳᠤ ᠣᠷᠣᠯᠴᠠᠵᠤ ᠶᠠᠷᠢᠶ᠎ᠠ ᠲᠠᠯᠪᠢᠪᠠ  ᠃      ᠬᠤᠷᠠᠯ ᠳᠡᠭᠡᠷ᠎ᠡ ︿︿ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠲᠤᠰᠢᠶᠠᠯ ᠬᠠᠪᠰᠤᠷᠭᠠᠭᠰᠠᠨ ᠪᠠᠭᠰᠢ ᠶᠢ ᠤᠷᠢᠨ ᠲᠣᠮᠢᠯᠠᠬᠤ ᠲᠤᠬᠠᠢ ᠲᠣᠭᠲᠠᠭᠠᠯ﹀﹀ ᠪᠠ ︿︿ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠲᠤᠰᠢᠶᠠᠯ ᠬᠠᠪᠰᠤᠷᠭᠠᠭᠰᠠᠨ ᠪᠠᠭᠰᠢ ᠶᠢ ᠤᠷᠢᠨ ᠬᠡᠷᠡᠭᠯᠡᠬᠦ ᠪᠠ ᠬᠠᠮᠢᠶᠠᠷᠬᠤ ᠲᠦᠷ ᠬᠡᠷᠡᠭᠵᠢᠭᠦᠯᠬᠦ ᠠᠷᠭ᠎ᠠ﹀﹀᠎ ᠶᠢ ᠤᠩᠰᠢᠨ ᠨᠡᠶᠢᠲᠡᠯᠡᠭᠰᠡᠨ ᠤ ᠬᠠᠮᠲᠤ ᠤᠯᠤᠰ ᠲᠥᠷᠦ ᠶᠢᠨ ᠬᠡᠪ  ᠪᠣᠯᠪᠠᠰᠤᠷᠠᠯ ᠢᠶᠠᠷ ᠴᠢᠩᠭ᠎ᠠ᠂ ᠣᠨᠣᠯ  ᠤᠨ ᠬᠢᠷᠢ ᠲᠦᠪᠰᠢᠨ ᠨᠡᠯᠢᠶᠡᠳ ᠥᠨᠳᠥᠷ᠂ ᠬᠢᠴᠢᠶᠡᠯ ᠵᠢᠭᠠᠬᠤ ᠳᠤ ᠴᠢᠳᠠᠮᠠᠭᠠᠢ ᠲᠤᠰᠢᠶᠠᠯ ᠬᠠᠪᠰᠤᠷᠭᠠᠭᠰᠠᠨ 30 ᠪᠠᠭᠰᠢ ᠳᠤ ᠤᠷᠢᠯᠭ᠎ᠠ ᠎ ᠶᠢᠨ ᠪᠢᠴᠢᠭ ᠭᠠᠷᠳᠠᠭᠤᠯᠪᠠ  ᠃      ᠬᠤᠷᠠᠯ ᠠᠴᠠ ᠴᠢᠬᠤᠯᠠᠴᠢᠯᠠᠬᠤ ᠳᠠᠭᠠᠨ᠂ ᠨᠠᠮ ᠤᠨ ᠰᠤᠷᠭᠠᠭᠤᠯᠢ ᠶᠢᠨ ᠲᠤᠰᠢᠶᠠᠯ ᠬᠠᠪᠰᠤᠷᠭᠠᠭᠰᠠᠨ ᠪᠠᠭᠰᠢ ᠨᠠᠷ ︿︿ᠤᠯᠤᠰ ᠤᠨ ᠶᠡᠭᠡ ᠶᠠᠪᠤᠳᠠᠯ﹀﹀᠎ ᠢ ᠰᠡᠳᠬᠢᠯ ᠳᠡᠭᠡᠨ ᠪᠠᠭᠲᠠᠭᠠᠵᠤ᠂ ᠲᠤᠰᠢᠶᠠᠯ ᠬᠠᠪᠰᠤᠷᠭᠠᠭᠰᠠᠨ ᠪᠠᠭᠰᠢ ᠶᠢᠨ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ︿︿ᠨᠠᠮ ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ᠂ ᠨᠠᠮ ᠤᠨ ᠲᠥᠯᠥᠭᠡ ᠠᠷᠭ᠎ᠠ ᠪᠤᠳᠤᠯᠭ᠎ᠠ ᠭᠠᠷᠭᠠᠬᠤ 》ᠨᠠᠮ ᠤᠨ ᠰᠤᠷᠭᠠᠭᠤᠯᠢ ᠶᠢᠨ ᠤᠬ ᠰᠠᠨᠠᠭ᠎ᠠ ᠎ ᠳᠤ ᠤᠯᠠᠮ ᠨᠢᠭᠡ ᠠᠯᠬᠤᠮ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠰᠤᠷᠭᠠᠭᠤᠯᠢ ᠶᠢᠨ ᠵᠢᠭᠠᠨ ᠰᠤᠷᠭᠠᠯᠲᠠ ᠎ ᠶᠢᠨ ᠥᠭᠡᠷᠡᠴᠢᠯᠡᠯᠲᠡ ᠶᠢᠨ ᠦᠢᠯᠡᠳᠦᠯᠭᠡ ᠶᠢ ᠬᠦᠴᠦᠲᠡᠢ ᠠᠬᠢᠭᠤᠯᠵᠤ᠂ ᠰᠤᠷᠭᠠᠭᠤᠯᠢ ᠡᠷᠬᠢᠯᠡᠬᠦ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠨᠠᠮ ᠤᠨ ᠰᠤᠷᠭᠠᠭᠤᠯᠢ ᠶᠢᠨ ᠭᠤᠣᠯ ᠰᠠᠭᠤᠷᠢᠨ ᠭᠠᠵᠠᠷ ᠤᠨ ᠭᠤᠣᠯ ᠠᠷᠭ᠎ᠠ ᠵᠠᠮ ᠤᠨ ᠦᠢᠯᠡᠳᠦᠯ ᠎ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ︿︿ᠪᠠᠭᠰᠢᠯᠠᠬᠤᠢ ᠶᠢᠨ ᠦᠨᠳᠦᠰᠦ﹀﹀᠎ ᠶᠢ ᠪᠠᠳᠠᠷᠠᠭᠤᠯᠵᠤ᠂ ᠲᠤᠰᠢᠶᠠᠯ ᠬᠠᠪᠰᠤᠷᠭᠠᠭᠰᠠᠨ ᠪᠠᠭᠰᠢ ᠶᠢᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ︿︿ᠨᠠᠮ ᠎ ᠤᠨ ᠰᠤᠷᠭᠠᠭᠤᠯᠢ ᠨᠠᠮ ᠤᠨ ᠬᠢ ᠪᠠᠶᠢᠬᠤ﹀﹀ ᠤᠯᠤᠰ ᠲᠦᠷᠦ ᠶᠢᠨ ᠵᠣᠭᠰᠣᠯᠲᠠ ᠪᠠᠨ ᠢᠮᠠᠭᠲᠠ ᠪᠠᠷᠢᠮᠲᠠᠯᠠᠵᠤ᠂ ᠨᠠᠮ ᠎ ᠤᠨ ᠲᠥᠪ ᠬᠤᠷᠢᠶᠠᠨ ᠤ ᠡᠷᠬᠡ ᠰᠦᠷ ᠢ ᠤᠬᠠᠮᠰᠠᠷ ᠠᠴᠠ ᠪᠠᠨ ᠬᠠᠮᠠᠭᠠᠯᠠᠵᠤ᠂ ᠨᠠᠮ ᠤᠨ ᠰᠤᠷᠭᠠᠭᠤᠯᠢ ᠶᠢᠨ ᠲᠦᠷᠢ ᠲᠥᠷᠬᠦ ᠶᠢ ᠬᠠᠮᠠᠭᠠᠯᠠᠬᠤ ᠶᠢᠨ ᠬᠠᠮᠲᠤ ᠤᠨᠤᠯ ᠤᠨ ᠰᠠᠭᠤᠷᠢ᠂ ᠮᠡᠳᠡᠯᠭᠡ ᠶᠢᠨ ᠬᠤᠷᠠᠮᠳᠤᠭᠤᠯᠤᠯ᠂ ᠯᠣᠭᠢᠭ ᠰᠡᠳᠬᠢᠬᠦᠢ ᠵᠢᠴᠢ ᠶᠠᠷᠢᠶᠠᠨ ᠤ ᠢᠯᠡᠳᠬᠡᠬᠦ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠵᠢᠭᠠᠨ ᠰᠤᠷᠭᠠᠯᠲᠠ ᠶᠢᠨ ᠶᠠᠰᠤ ᠴᠢᠨᠠᠷ ᠤᠨ ᠦᠷ᠎ᠡ ᠪᠦᠲᠦᠮᠵᠢ ᠶᠢ ᠴᠢᠩᠭᠠᠳᠬᠠᠬᠤ ᠬᠡᠷᠡᠭᠲᠡᠢ᠃ ︿︿ᠬᠠᠷᠢᠭᠤᠴᠠᠯᠭ᠎ᠠ ᠶᠢᠨ ᠬᠦᠨᠳᠦ﹀﹀᠎ ᠶᠢ ᠵᠣᠷᠢᠭᠲᠠᠶ ᠎ ᠪᠠᠷ ᠡᠭᠦᠷᠭᠡᠯᠡᠵᠦ᠂ ᠲᠤᠰᠢᠶᠠᠯ ᠬᠠᠪᠰᠤᠷᠭᠠᠭᠰᠠᠨ ᠪᠠᠭᠰᠢ ᠶᠢᠨ ᠦᠶᠯᠡᠳᠦᠯ ᠢ ᠦᠨᠡᠨ ᠬᠦ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠶᠴᠡᠳᠬᠡᠵᠦ᠂ ᠨᠠᠮ ᠤᠨ ᠰᠤᠷᠭᠠᠭᠤᠯᠢ ᠲᠠᠢ ᠢᠳᠡᠪᠬᠢᠲᠡᠶ ᠬᠠᠮᠵᠢᠯᠴᠠᠨ ᠠᠵᠢᠯ ᠢᠶᠠᠨ ᠥᠷᠨᠢᠭᠦᠯᠵᠦ᠂ ᠮᠠᠨ ᠤ ᠬᠤᠰᠢᠭᠤᠨ ᠤ ᠪᠣᠳᠠᠲᠤ ᠪᠠᠶᠢᠳᠠᠯ ᠪᠠ ᠣᠳᠣᠬᠠᠨ ᠤ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ᠂ ᠮᠠᠳᠠᠭ ᠲᠠᠢ ᠠᠰᠠᠭᠤᠳᠠᠯ ᠲᠠᠢ ᠨᠢᠭᠲᠠ ᠤᠶᠠᠯᠳᠤᠭᠤᠯᠤᠨ᠂ ᠵᠢᠭᠠᠨ ᠰᠤᠷᠭᠠᠯᠲᠠ ᠶᠢᠨ ᠠᠭᠤᠯᠭ᠎ᠠ ᠪᠠᠨ ᠣᠨᠣᠪᠴᠢᠲᠠᠶ ᠰᠣᠩᠭᠤᠵᠤ᠂ ᠵᠢᠭᠠᠨ ᠰᠤᠷᠭᠠᠯᠲᠠ ᠶᠢᠨ ᠰᠡᠳᠦᠪ ᠢᠶᠠᠨ ᠣᠨᠣᠪᠴᠢᠲᠠᠶ ᠲᠣᠭᠲᠠᠭᠠᠵᠤ᠂ ᠬᠢᠴᠢᠶᠡᠯ ᠪᠣᠯᠭᠠᠨ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠪᠥᠬᠦ ᠬᠤᠰᠢᠭᠤᠨ ᠤ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠵᠢᠯ ᠢ ᠲᠠᠰᠤᠷᠠᠯᠲᠠ ᠥᠬᠡᠶ ᠰᠢᠨ᠎ᠡ ᠳᠡᠭᠲᠡᠷ ᠲᠤ ᠭᠠᠷᠭᠠᠵᠤ᠂ ᠵᠡᠭᠦᠨ ᠦᠵᠦᠮᠦᠴᠢᠨ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠴᠢᠳᠠᠪᠤᠷᠢᠲᠠᠨ ᠤ ᠲᠤᠯᠭᠠᠭᠤᠷᠢᠯᠠᠯ ᠪᠠ ᠣᠶᠤᠨ ᠤ ᠪᠠᠲᠤᠯᠠᠭ᠎ᠠ ᠬᠠᠩᠭᠠᠬᠤ ᠬᠡᠷᠡᠭᠲᠡᠶ ᠭᠡᠵᠡᠶ᠃      ᠬᠤᠷᠠᠯ ᠳᠤ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠡᠳ᠋ ᠫᠷᠤᠹᠧᠰᠰᠤᠷ ᠸᠧᠢ ᠹᠧᠩ ᠼᠠᠢ ᠠᠴᠠ ︿︿ᠨᠠᠮ ᠤᠨ ᠬᠢᠴᠢᠶᠡᠯ ᠭᠡᠵᠦ ᠶᠠᠭᠤ᠂ ᠨᠠᠮ ᠤᠨ ᠬᠢᠴᠢᠶᠡᠯ ᠢ ᠰᠠᠶᠢᠲᠤᠷ ᠣᠷᠤᠬᠤ ᠶᠢᠨ ᠴᠢᠬᠤᠯᠠ ᠠᠴᠢ ᠬᠤᠯᠪᠣᠭᠳᠠᠯ᠂ ᠨᠠᠮ ᠤᠨ ᠬᠢᠴᠢᠶᠡᠯ ᠢ ᠬᠡᠷᠬᠢᠨ ᠰᠠᠶᠢᠲᠤᠷ ᠵᠢᠭᠠᠬᠤ﹀﹀ ᠵᠡᠷᠭᠡ ᠲᠠᠯ᠎ᠠ ᠪᠠᠷ ᠲᠤᠰᠢᠶᠠᠯ ᠬᠠᠪᠰᠤᠷᠭᠠᠭᠰᠠᠨ ᠪᠠᠭᠰᠢ ᠨᠠᠷ ᠲᠤ ᠲᠤᠰᠬᠠᠢ ᠰᠡᠳᠦᠪᠲᠦ ᠪᠣᠯᠪᠠᠰᠤᠷᠠᠯ ᠪᠠ ᠬᠢᠴᠢᠶᠡᠯ ᠤᠨ ᠲᠠᠩᠬᠢᠮ ᠤᠨ ᠦᠵᠡᠭᠦᠯᠭᠡ ᠬᠢᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号