ᠬᠤᠰᠢᠭᠤ ᠨᠠᠮ ᠤᠨ ᠬᠤᠷᠢᠶ᠎ᠠ ᠶᠢᠨ ᠣᠨᠣᠯ ᠤᠨ ᠰᠣᠷᠣᠯᠴᠠᠯᠭ᠎ᠠ ᠶᠢᠨ ᠭᠤᠤᠯᠯᠠᠬᠤ ᠳᠤᠭᠤᠶᠢᠯᠠᠩ ᠤᠨ 2024 ᠣᠨ ᠤ ᠳᠦᠷᠪᠡᠳᠣᠭᠡᠷ ᠣᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/25
      4 ᠰᠠᠷ᠎ᠠ ᠶᠢᠨ 10 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠬᠤᠰᠢᠭᠤ ᠨᠠᠮ ᠤᠨ ᠬᠤᠷᠢᠶ᠎ᠠ ᠶᠢᠨ ᠣᠨᠣᠯ ᠤᠨ ᠰᠣᠷᠣᠯᠴᠠᠯᠭ᠎ᠠ ᠶᠢᠨ ᠭᠤᠤᠯᠯᠠᠬᠤ ᠳᠤᠭᠤᠶᠢᠯᠠᠩ ᠤᠨ 2024 ᠣᠨ ᠤ ᠳᠦᠷᠪᠡᠳᠣᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠣᠨᠣᠯ ᠤᠨ ᠰᠣᠷᠣᠯᠴᠠᠯᠭ᠎ᠠ ᠶᠢᠨ ᠭᠤᠤᠯᠯᠠᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃      ᠬᠤᠷᠠᠯ ᠠᠴᠠ ︿︿ᠰᠦᠨ ᠱᠤᠤ ᠴᠧᠩ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠳᠣᠭᠤᠰᠢᠯᠠᠭᠤᠯᠬᠤ ᠺᠠᠳ᠋ᠷᠴᠤᠳ ᠤᠨ ᠶᠡᠭᠡ ᠬᠤᠷᠠᠯ ᠳᠡᠭᠡᠷᠡᠬᠢ ᠶᠠᠷᠢᠶ᠎ᠠ﹀﹀᠂ ︿︿ᠼᠠᠢ ᠴᠢ ᠨᠥᠬᠦᠷ ᠤᠨ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠰᠠᠭᠤᠳᠠᠯ ᠤᠨ ᠬᠤᠷᠠᠯ ᠳᠡᠭᠡᠷᠡᠬᠢ ᠶᠠᠷᠢᠶ᠎ᠠ﹀﹀᠂ ︿︿ᠪᠦᠬᠦ ᠤᠯᠤᠰ ᠤᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ﹀﹀᠂ ︿︿ᠪᠦᠬᠦ ᠣᠷᠣᠨ ᠤ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ﹀﹀᠂ ︿︿ᠪᠦᠬᠦ ᠠᠶᠢᠮᠠᠭ ᠤᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ﹀﹀᠂ ︿︿ᠪᠦᠬᠦ ᠣᠷᠣᠨ ᠤ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ﹀﹀᠂ ︿︿ᠪᠦᠬᠦ ᠠᠶᠢᠮᠠᠭ ᠤᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ﹀﹀᠂ ︿︿ᠪᠦᠬᠦ ᠣᠷᠣᠨ ᠤ ᠦᠨᠳᠦᠰᠦᠨ ᠱᠠᠲᠤᠨ ᠤ ︿ᠤᠨᠠᠭ᠎ᠠ ᠪᠠᠷ ᠲᠡᠷᠭᠡ ᠲᠠᠲᠠᠬᠤ﹀ ᠲᠤᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ﹀﹀᠂ ︿︿ᠪᠦᠬᠦ ᠤᠯᠤᠰ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ﹀﹀᠂ ︿︿ᠪᠦᠬᠦ ᠣᠷᠣᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ﹀﹀᠂       ︿︿ᠪᠦᠬᠦ ᠠᠶᠢᠮᠠᠭ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ﹀﹀  ᠶᠢ ᠤᠯᠠᠮᠵᠢᠯᠠᠨ ᠰᠤᠷᠤᠯᠴᠠᠪᠠ  ᠃      ᠬᠤᠷᠠᠯ ᠠᠴᠠ ᠪᠠᠰᠠ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠨ        ᠲᠤᠭᠤᠰᠢᠯᠠᠭᠤᠯᠬᠤ᠂ ᠣᠨᠴᠠᠭᠠᠶᠢᠯᠠᠨ ᠶᠡᠷᠦᠩᠬᠡᠶ ᠱᠦᠵᠢ ᠰᠢ ᠶᠢᠨ ᠫᠢᠩ ᠤᠨ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠲᠤᠬᠠᠶ ᠴᠢᠬᠤᠯᠠ ᠥᠭᠦᠯᠡᠯᠲᠡ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ       ᠳᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠠᠵᠢᠯ ᠲᠠᠢ ᠤᠶᠠᠯᠳᠤᠭᠤᠯᠤᠨ ᠰᠤᠳᠤᠯᠤᠨ ᠶᠠᠷᠢᠯᠴᠠᠪᠠ  ᠃      ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠨᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠢ᠂ ︿︿ᠠᠷᠪᠠᠨ ᠳᠥᠷᠪᠡᠳᠦᠭᠡᠷ ᠲᠠᠪᠤᠨ ᠵᠢᠯ﹀﹀ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠵᠢᠯ ᠳᠤ  ᠬᠤᠷᠠᠯᠳᠣᠭᠤᠯᠤᠭᠰᠠᠨ ᠨᠢᠭᠡ ᠣᠳᠠᠭᠠᠨ ᠤ ᠴᠢᠬᠤᠯᠠ ᠬᠤᠷᠠᠯ ᠪᠣᠯᠤᠨ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ  ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠤᠯᠭᠠᠵᠦ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ  ᠨᠢᠬᠡᠳᠭᠡᠵᠦ᠂ ᠪᠦᠬᠦ       ᠤᠯᠤᠰ᠂ ᠪᠦᠬᠦ ᠣᠷᠣᠨ᠂ ᠪᠦᠬᠦ ᠠᠶᠢᠮᠠᠭ ᠤᠨ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠳᠣᠭᠤᠰᠢᠯᠠᠭᠤᠯᠤᠨ ᠨᠠᠶᠢᠳᠠᠪᠤᠷᠢᠵᠢᠭᠤᠯᠵᠦ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠨᠡ ᠵᠢᠯ ᠤᠨ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠠᠵᠢᠯ ᠤᠨ ᠪᠠᠶᠢᠷᠢ ᠶᠢᠨ ᠪᠣᠳᠠᠲᠤ ᠪᠠᠶᠢᠳᠠᠯ ᠳᠤ ᠰᠠᠭᠤᠷᠢᠯᠠᠵᠦ᠂ ᠭᠤᠤᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢ ᠰᠠᠶᠢᠳᠣᠷ ᠠᠩᠬᠠᠷᠴᠣ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠦ᠂ ᠬᠥᠭᠵᠢᠯᠲᠡ ᠶᠢᠨ ᠰᠡᠳᠬᠢᠴᠡ ᠪᠠᠨ ᠦᠷᠭᠡᠳᠭᠡᠵᠦ᠂ ᠠᠵᠤ ᠦᠶᠯᠡᠰ ᠤᠨ ᠬᠥᠭᠵᠢᠯᠲᠡ᠂ ᠰᠣᠶᠣᠯ ᠵᠢᠭᠤᠯᠴᠢᠯᠠᠯ ᠤᠨ ᠠᠭᠤᠰᠤᠯᠴᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠶᠢᠨ ᠰᠠᠶᠢᠨ ᠲᠤᠷᠰᠢᠯᠭ᠎ᠠ᠂ ᠰᠠᠶᠢᠨ ᠠᠷᠭ᠎ᠠ᠂ ᠰᠢᠨ᠎ᠡ ᠶᠢ ᠡᠭᠦᠳᠬᠦ ᠠᠷᠭ᠎ᠠ ᠮᠠᠶ᠋ᠢᠭ ᠢ ᠰᠣᠷᠣᠯᠴᠠᠵᠦ᠂ ᠨᠡᠶᠢᠲᠡᠯᠢᠭ ᠵᠢᠱᠢᠶ᠎ᠡ ᠭᠠᠷᠭᠠᠵᠦ᠂ ᠬᠢᠯᠠᠰ ᠴᠡᠭ ᠢ ᠴᠣᠭᠴᠠᠯᠠᠵᠦ᠂ ᠮᠠᠨ ᠤ ᠬᠤᠰᠢᠭᠤᠨ ᠤ ᠣᠨᠴᠠᠯᠢᠭ ᠢ ᠠᠮᠢᠳᠤᠯᠢᠭ ᠢᠶᠠᠷ ᠢᠯᠡᠷᠡᠭᠦᠯᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ  ᠰᠠᠶᠢᠲᠠᠢ ᠬᠦᠭᠵᠢᠯᠲᠠ ᠶᠢ ᠰᠢᠨ᠎ᠡ ᠳᠡᠭᠲᠡᠷ ᠲᠤ ᠭᠠᠷᠭᠠᠬᠤ ᠬᠡᠷᠡᠭᠲᠠᠢ ᠭᠡᠵᠡᠢ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号