ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠲᠤᠰᠢᠶᠠᠯ ᠬᠠᠪᠰᠤᠷᠭᠠᠭᠰᠠᠨ ᠪᠠᠭᠰᠢ ᠶᠢ ᠤᠷᠢᠨ ᠲᠣᠮᠢᠯᠠᠬᠤ ᠶᠣᠰᠣᠯᠠᠯ ᠵᠢᠴᠢ ᠬᠠᠮᠲᠤ ᠶᠢᠨ ᠬᠢᠴᠢᠶᠡᠯ ᠪᠡᠯᠡᠳᠬᠡᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/25
      4 ᠰᠠᠷ᠎ᠠ ᠶᠢᠨ 9 ᠤ ᠡᠳᠦᠷ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠲᠤᠰᠢᠶᠠᠯ ᠬᠠᠪᠰᠤᠷᠭᠠᠭᠰᠠᠨ ᠪᠠᠭᠰᠢ ᠶᠢ ᠤᠷᠢᠨ ᠲᠣᠮᠢᠯᠠᠬᠤ ᠶᠣᠰᠣᠯᠠᠯ ᠵᠢᠴᠢ ᠬᠠᠮᠲᠤ ᠶᠢᠨ ᠬᠢᠴᠢᠶᠡᠯ ᠪᠡᠯᠡᠳᠬᠡᠬᠦ ᠬᠤᠷᠠᠯ ᠬᠤᠷᠠᠯᠳᠤᠪᠠ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠨᠠᠮ ᠤᠨ ᠰᠤᠷᠭᠠᠭᠤᠯᠢ ᠶᠢᠨ ᠵᠠᠬᠢᠷᠤᠯ ᠠᠯᠠᠮᠠᠰ ᠶᠣᠰᠣᠯᠠᠯ  ᠳᠤ ᠣᠷᠣᠯᠴᠠᠵᠤ ᠶᠠᠷᠢᠶ᠎ᠠ ᠲᠠᠯᠪᠢᠪᠠ  ᠃      ᠬᠤᠷᠠᠯ ᠳᠡᠭᠡᠷ᠎ᠡ ︿︿ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠲᠤᠰᠢᠶᠠᠯ ᠬᠠᠪᠰᠤᠷᠭᠠᠭᠰᠠᠨ ᠪᠠᠭᠰᠢ ᠶᠢ ᠤᠷᠢᠨ ᠲᠣᠮᠢᠯᠠᠬᠤ ᠲᠤᠬᠠᠢ ᠲᠣᠭᠲᠠᠭᠠᠯ﹀﹀ ᠪᠠ ︿︿ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠲᠤᠰᠢᠶᠠᠯ ᠬᠠᠪᠰᠤᠷᠭᠠᠭᠰᠠᠨ ᠪᠠᠭᠰᠢ ᠶᠢ ᠤᠷᠢᠨ ᠬᠡᠷᠡᠭᠯᠡᠬᠦ ᠪᠠ ᠬᠠᠮᠢᠶᠠᠷᠬᠤ ᠲᠦᠷ ᠬᠡᠷᠡᠭᠵᠢᠭᠦᠯᠬᠦ ᠠᠷᠭ᠎ᠠ﹀﹀ ᠶᠢ ᠤᠩᠰᠢᠨ ᠨᠡᠶᠢᠲᠡᠯᠡᠭᠰᠡᠨ ᠤ ᠬᠠᠮᠲᠤ ᠤᠯᠤᠰ ᠲᠥᠷᠦ ᠶᠢᠨ ᠬᠡᠪ  ᠪᠣᠯᠪᠠᠰᠤᠷᠠᠯ ᠢᠶᠠᠷ ᠴᠢᠩᠭ᠎ᠠ᠂ ᠣᠨᠣᠯ  ᠤᠨ ᠬᠢᠷᠢ ᠲᠦᠪᠰᠢᠨ ᠨᠡᠯᠢᠶᠡᠳ ᠥᠨᠳᠥᠷ᠂ ᠬᠢᠴᠢᠶᠡᠯ ᠵᠢᠭᠠᠬᠤ ᠳᠤ ᠴᠢᠳᠠᠮᠠᠭᠠᠢ ᠲᠤᠰᠢᠶᠠᠯ ᠬᠠᠪᠰᠤᠷᠭᠠᠭᠰᠠᠨ 30 ᠪᠠᠭᠰᠢ ᠳᠤ ᠤᠷᠢᠯᠭ᠎ᠠ  ᠶᠢᠨ ᠪᠢᠴᠢᠭ ᠭᠠᠷᠳᠠᠭᠤᠯᠪᠠ  ᠃      ᠬᠤᠷᠠᠯ ᠠᠴᠠ ᠴᠢᠬᠤᠯᠠᠴᠢᠯᠠᠬᠤ ᠳᠠᠭᠠᠨ᠂ ᠨᠠᠮ ᠤᠨ ᠰᠤᠷᠭᠠᠭᠤᠯᠢ ᠶᠢᠨ ᠲᠤᠰᠢᠶᠠᠯ ᠬᠠᠪᠰᠤᠷᠭᠠᠭᠰᠠᠨ ᠪᠠᠭᠰᠢ ᠨᠠᠷ ︿︿ᠤᠯᠤᠰ ᠤᠨ ᠶᠡᠭᠡ ᠶᠠᠪᠤᠳᠠᠯ﹀﹀ ᠢ ᠰᠡᠳᠬᠢᠯ ᠳᠡᠭᠡᠨ ᠪᠠᠭᠲᠠᠭᠠᠵᠤ᠂ ᠲᠤᠰᠢᠶᠠᠯ ᠬᠠᠪᠰᠤᠷᠭᠠᠭᠰᠠᠨ ᠪᠠᠭᠰᠢ ᠶᠢᠨ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ︿︿ᠨᠠᠮ ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ᠂ ᠨᠠᠮ ᠤᠨ ᠲᠥᠯᠥᠭᠡ ᠠᠷᠭ᠎ᠠ ᠪᠤᠳᠤᠯᠭ᠎ᠠ ᠭᠠᠷᠭᠠᠬᠤ 》ᠨᠠᠮ ᠤᠨ ᠰᠤᠷᠭᠠᠭᠤᠯᠢ ᠶᠢᠨ ᠤᠬ ᠰᠠᠨᠠᠭ᠎ᠠ  ᠳᠤ ᠤᠯᠠᠮ ᠨᠢᠭᠡ ᠠᠯᠬᠤᠮ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠰᠤᠷᠭᠠᠭᠤᠯᠢ ᠶᠢᠨ ᠵᠢᠭᠠᠨ ᠰᠤᠷᠭᠠᠯᠲᠠ  ᠶᠢᠨ ᠥᠭᠡᠷᠡᠴᠢᠯᠡᠯᠲᠡ ᠶᠢᠨ ᠦᠢᠯᠡᠳᠦᠯᠭᠡ ᠶᠢ ᠬᠦᠴᠦᠲᠡᠢ ᠠᠬᠢᠭᠤᠯᠵᠤ᠂ ᠰᠤᠷᠭᠠᠭᠤᠯᠢ ᠡᠷᠬᠢᠯᠡᠬᠦ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠨᠠᠮ ᠤᠨ ᠰᠤᠷᠭᠠᠭᠤᠯᠢ ᠶᠢᠨ ᠭᠤᠣᠯ ᠰᠠᠭᠤᠷᠢᠨ ᠭᠠᠵᠠᠷ ᠤᠨ ᠭᠤᠣᠯ ᠠᠷᠭ᠎ᠠ ᠵᠠᠮ ᠤᠨ ᠦᠢᠯᠡᠳᠦᠯ  ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ︿︿ᠪᠠᠭᠰᠢᠯᠠᠬᠤᠢ ᠶᠢᠨ ᠦᠨᠳᠦᠰᠦ﹀﹀ ᠶᠢ ᠪᠠᠳᠠᠷᠠᠭᠤᠯᠵᠤ᠂ ᠲᠤᠰᠢᠶᠠᠯ ᠬᠠᠪᠰᠤᠷᠭᠠᠭᠰᠠᠨ ᠪᠠᠭᠰᠢ ᠶᠢᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ︿︿ᠨᠠᠮ  ᠤᠨ ᠰᠤᠷᠭᠠᠭᠤᠯᠢ ᠨᠠᠮ ᠤᠨ ᠬᠢ ᠪᠠᠶᠢᠬᠤ﹀﹀ ᠤᠯᠤᠰ ᠲᠦᠷᠦ ᠶᠢᠨ ᠵᠣᠭᠰᠣᠯᠲᠠ ᠪᠠᠨ ᠢᠮᠠᠭᠲᠠ ᠪᠠᠷᠢᠮᠲᠠᠯᠠᠵᠤ᠂ ᠨᠠᠮ  ᠤᠨ ᠲᠥᠪ ᠬᠤᠷᠢᠶᠠᠨ ᠤ ᠡᠷᠬᠡ ᠰᠦᠷ ᠢ ᠤᠬᠠᠮᠰᠠᠷ ᠠᠴᠠ ᠪᠠᠨ ᠬᠠᠮᠠᠭᠠᠯᠠᠵᠤ᠂ ᠨᠠᠮ ᠤᠨ ᠰᠤᠷᠭᠠᠭᠤᠯᠢ ᠶᠢᠨ ᠲᠦᠷᠢ ᠲᠥᠷᠬᠦ ᠶᠢ ᠬᠠᠮᠠᠭᠠᠯᠠᠬᠤ ᠶᠢᠨ ᠬᠠᠮᠲᠤ ᠤᠨᠤᠯ ᠤᠨ ᠰᠠᠭᠤᠷᠢ᠂ ᠮᠡᠳᠡᠯᠭᠡ ᠶᠢᠨ ᠬᠤᠷᠠᠮᠳᠤᠭᠤᠯᠤᠯ᠂ ᠯᠣᠭᠢᠭ ᠰᠡᠳᠬᠢᠬᠦᠢ ᠵᠢᠴᠢ ᠶᠠᠷᠢᠶᠠᠨ ᠤ ᠢᠯᠡᠳᠬᠡᠬᠦ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠵᠢᠭᠠᠨ ᠰᠤᠷᠭᠠᠯᠲᠠ ᠶᠢᠨ ᠶᠠᠰᠤ ᠴᠢᠨᠠᠷ ᠤᠨ ᠦᠷ᠎ᠡ ᠪᠦᠲᠦᠮᠵᠢ ᠶᠢ ᠴᠢᠩᠭᠠᠳᠬᠠᠬᠤ ᠬᠡᠷᠡᠭᠲᠡᠢ᠃ ︿︿ᠬᠠᠷᠢᠭᠤᠴᠠᠯᠭ᠎ᠠ ᠶᠢᠨ ᠬᠦᠨᠳᠦ﹀﹀ ᠶᠢ ᠵᠣᠷᠢᠭᠲᠠᠶ  ᠪᠠᠷ ᠡᠭᠦᠷᠭᠡᠯᠡᠵᠦ᠂ ᠲᠤᠰᠢᠶᠠᠯ ᠬᠠᠪᠰᠤᠷᠭᠠᠭᠰᠠᠨ ᠪᠠᠭᠰᠢ ᠶᠢᠨ ᠦᠶᠯᠡᠳᠦᠯ ᠢ ᠦᠨᠡᠨ ᠬᠦ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠶᠴᠡᠳᠬᠡᠵᠦ᠂ ᠨᠠᠮ ᠤᠨ ᠰᠤᠷᠭᠠᠭᠤᠯᠢ ᠲᠠᠢ ᠢᠳᠡᠪᠬᠢᠲᠡᠶ ᠬᠠᠮᠵᠢᠯᠴᠠᠨ ᠠᠵᠢᠯ ᠢᠶᠠᠨ ᠥᠷᠨᠢᠭᠦᠯᠵᠦ᠂ ᠮᠠᠨ ᠤ ᠬᠤᠰᠢᠭᠤᠨ ᠤ ᠪᠣᠳᠠᠲᠤ ᠪᠠᠶᠢᠳᠠᠯ ᠪᠠ ᠣᠳᠣᠬᠠᠨ ᠤ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ᠂ ᠮᠠᠳᠠᠭ ᠲᠠᠢ ᠠᠰᠠᠭᠤᠳᠠᠯ ᠲᠠᠢ ᠨᠢᠭᠲᠠ ᠤᠶᠠᠯᠳᠤᠭᠤᠯᠤᠨ᠂ ᠵᠢᠭᠠᠨ ᠰᠤᠷᠭᠠᠯᠲᠠ ᠶᠢᠨ ᠠᠭᠤᠯᠭ᠎ᠠ ᠪᠠᠨ ᠣᠨᠣᠪᠴᠢᠲᠠᠶ ᠰᠣᠩᠭᠤᠵᠤ᠂ ᠵᠢᠭᠠᠨ ᠰᠤᠷᠭᠠᠯᠲᠠ ᠶᠢᠨ ᠰᠡᠳᠦᠪ ᠢᠶᠠᠨ ᠣᠨᠣᠪᠴᠢᠲᠠᠶ ᠲᠣᠭᠲᠠᠭᠠᠵᠤ᠂ ᠬᠢᠴᠢᠶᠡᠯ ᠪᠣᠯᠭᠠᠨ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠪᠥᠬᠦ ᠬᠤᠰᠢᠭᠤᠨ ᠤ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠵᠢᠯ ᠢ ᠲᠠᠰᠤᠷᠠᠯᠲᠠ ᠥᠬᠡᠶ ᠰᠢᠨ᠎ᠡ ᠳᠡᠭᠲᠡᠷ ᠲᠤ ᠭᠠᠷᠭᠠᠵᠤ᠂ ᠵᠡᠭᠦᠨ ᠦᠵᠦᠮᠦᠴᠢᠨ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠴᠢᠳᠠᠪᠤᠷᠢᠲᠠᠨ ᠤ ᠲᠤᠯᠭᠠᠭᠤᠷᠢᠯᠠᠯ ᠪᠠ ᠣᠶᠤᠨ ᠤ ᠪᠠᠲᠤᠯᠠᠭ᠎ᠠ ᠬᠠᠩᠭᠠᠬᠤ ᠬᠡᠷᠡᠭᠲᠡᠶ ᠭᠡᠵᠡᠶ᠃      ᠬᠤᠷᠠᠯ ᠳᠤ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠡᠳ᠋ ᠫᠷᠤᠹᠧᠰᠰᠤᠷ ᠸᠧᠢ ᠹᠧᠩ ᠼᠠᠢ ᠠᠴᠠ ︿︿ᠨᠠᠮ ᠤᠨ ᠬᠢᠴᠢᠶᠡᠯ ᠭᠡᠵᠦ ᠶᠠᠭᠤ᠂ ᠨᠠᠮ ᠤᠨ ᠬᠢᠴᠢᠶᠡᠯ ᠢ ᠰᠠᠶᠢᠲᠤᠷ ᠣᠷᠤᠬᠤ ᠶᠢᠨ ᠴᠢᠬᠤᠯᠠ ᠠᠴᠢ ᠬᠤᠯᠪᠣᠭᠳᠠᠯ᠂ ᠨᠠᠮ ᠤᠨ ᠬᠢᠴᠢᠶᠡᠯ ᠢ ᠬᠡᠷᠬᠢᠨ ᠰᠠᠶᠢᠲᠤᠷ ᠵᠢᠭᠠᠬᠤ﹀﹀ ᠵᠡᠷᠭᠡ ᠲᠠᠯ᠎ᠠ ᠪᠠᠷ ᠲᠤᠰᠢᠶᠠᠯ ᠬᠠᠪᠰᠤᠷᠭᠠᠭᠰᠠᠨ ᠪᠠᠭᠰᠢ ᠨᠠᠷ ᠲᠤ ᠲᠤᠰᠬᠠᠢ ᠰᠡᠳᠦᠪᠲᠦ ᠪᠣᠯᠪᠠᠰᠤᠷᠠᠯ ᠪᠠ ᠬᠢᠴᠢᠶᠡᠯ ᠤᠨ ᠲᠠᠩᠬᠢᠮ ᠤᠨ ᠦᠵᠡᠭᠦᠯᠭᠡ ᠬᠢᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号