ᠬᠢᠩᠭᠠᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 55 ᠳ᠋ᠤᠭᠠᠷ ᠤᠳᠠᠭ᠎ᠠ ︵2024 ᠣᠨ ᠤ 7 ᠳ᠋ᠤᠭᠠᠷ ᠤᠳᠠᠭ᠎ᠠ︶ ᠶᠢᠨ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/28
      4 ᠰᠠᠷ᠎ᠠ ᠶᠢᠨ 10 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 55 ᠳ᠋ᠤᠭᠠᠷ ᠤᠳᠠᠭ᠎ᠠ ︵2024 ᠣᠨ ᠤ 7 ᠳ᠋ᠤᠭᠠᠷ ᠤᠳᠠᠭ᠎ᠠ︶ ᠶᠢᠨ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃        ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠦ ᠢᠦᠢ ᠯᠦᠩ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠠᠯᠮᠠᠰ ᠵᠡᠷᠭᠡ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠤᠯᠴᠠᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠭᠠᠲᠤᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠲᠤᠮᠥ᠋ᠩᠬᠡ ᠬᠤᠷᠠᠯ ᠳᠤ ᠰᠤᠯᠠ ᠣᠷᠣᠯᠴᠠᠪᠠ  ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠮᠠᠤ ᠽᠧ ᠳ᠋ᠦᠩ ᠨᠥᠬᠦᠷ ᠤᠨ ᠮᠡᠨᠳᠦᠯᠡᠭᠰᠡᠨ 130 ᠵᠢᠯ ᠤᠨ ᠤᠢ ᠶᠢ ᠳᠤᠷᠠᠰᠬᠠᠬᠤ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ︿︿ᠳᠤᠮᠳᠠᠳᠤ ᠶᠢᠨ ᠦᠨᠳᠦᠰᠦᠲᠡᠨ  ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ  ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ﹀﹀ ᠭᠡᠰᠡᠨ ᠴᠢᠬᠤᠯᠠ ᠵᠣᠬᠢᠶᠠᠯ᠂ ᠰᠦᠨ ᠱᠤᠤ ᠴᠧᠩ  ᠤᠨ ᠥᠪᠡᠷᠲᠡᠭᠡᠨ ᠵᠠᠰᠠᠬᠤ ᠣᠷᠣᠨ ᠤ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠬᠤ ᠺᠠᠳ᠋ᠷᠴᠤᠳ ᠤᠨ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠣᠯᠣᠨ ᠠᠵᠤ ᠠᠬᠤᠶᠢᠯᠠᠯ  ᠤᠨ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠢᠯᠭᠠᠷᠠᠭᠤᠯᠬᠤ ᠠᠵᠢᠯ ᠳᠤ ᠡᠷᠬᠡ ᠲᠡᠭᠰᠢ ᠪᠤᠰᠤ ᠪᠠᠷ ᠬᠠᠨᠳᠤᠬᠤ ᠳᠤ ᠬᠤᠯᠪᠣᠭᠳᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ᠂ ᠮᠤᠵᠢ ᠶᠢᠨ ᠱᠠᠲᠤᠨ ᠠᠴᠠ ᠳᠣᠷᠣᠭᠰᠢᠬᠢ ᠠᠮᠢ ᠠᠬᠤᠶ ᠣᠷᠴᠢᠨ ᠲᠣᠭᠤᠷᠢᠨ ᠤ ᠪᠠᠶᠢᠭᠤᠯᠤᠮᠵᠢ ᠶᠢᠨ ᠬᠢᠨᠠᠨ ᠬᠡᠮᠵᠢᠬᠦ ᠬᠢᠨᠠᠨ ᠪᠠᠶᠢᠴᠠᠭᠠᠬᠤ ᠬᠠᠤᠯᠢ ᠬᠡᠷᠡᠭᠵᠢᠭᠦᠯᠬᠦ ᠰᠢᠭᠤᠳ ᠬᠠᠮᠢᠶᠠᠷᠤᠯᠲᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠰᠠᠨᠠᠯ ᠢ ᠤᠯᠠᠮᠵᠢᠯᠠᠨ ᠰᠤᠷᠤᠯᠴᠠᠵᠠᠢ᠃      ᠬᠤᠷᠠᠯ ᠠᠴᠠ ᠴᠢᠬᠤᠯᠠᠴᠢᠯᠠᠬᠤ ᠳᠠᠭᠠᠨ᠂ ᠪᠦᠬᠦ ᠬᠤᠰᠢᠭᠤᠨ ᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ  ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠮᠠᠤ ᠽᠧ ᠳ᠋ᠦᠩ ᠨᠥᠬᠦᠷ ᠤᠨ ᠠᠭᠤᠤ ᠭᠠᠪᠢᠶ᠎ᠠ ᠠᠤᠭ᠎ᠠ ᠵᠢᠳᠬᠦᠯ ᠪᠣᠯᠤᠨ ᠡᠷᠬᠢᠮ ᠳᠡᠭᠡᠳᠦ ᠬᠡᠪ ᠰᠤᠷᠲᠠᠯ ᠢ ᠡᠭᠦᠷᠢᠳᠡ ᠪᠠᠲᠤ ᠴᠡᠭᠡᠵᠢᠯᠡᠵᠦ᠂ ᠮᠠᠤ ᠽᠧ ᠳ᠋ᠦᠩ ᠨᠥᠬᠦᠷ ᠵᠡᠷᠭᠡ ᠠᠬᠠᠮᠠᠳ ᠨᠢᠭᠡ ᠦᠶ᠎ᠡ  ᠶᠢᠨ ᠬᠤᠪᠢᠰᠬᠠᠯᠴᠢᠳ ᠤᠨ ᠠᠭᠤᠤ ᠶᠡᠭᠡ ᠲᠡᠦᠬᠡᠲᠦ ᠭᠠᠪᠢᠶ᠎ᠠ ᠵᠢᠳᠬᠦᠯ ᠢ ᠡᠭᠦᠷᠢᠳᠡ ᠪᠠᠲᠤ ᠴᠡᠭᠡᠵᠢᠯᠡᠵᠦ᠂ ᠲᠡᠦᠬᠡ  ᠶᠢᠨ ᠢᠲᠡᠭᠡᠯ ᠢᠶᠠᠨ ᠪᠠᠲᠤᠳᠬᠠᠵᠤ᠂ ᠲᠡᠦᠬᠡ ᠶᠢᠨ ᠰᠠᠨᠠᠭᠠᠴᠢᠯᠠᠭᠠᠲᠤ ᠡᠷᠬᠡ ᠶᠢ ᠡᠵᠡᠮᠳᠡᠵᠦ᠂ ᠨᠠᠮ ᠤᠨ ᠵᠠᠭᠤᠨ ᠵᠢᠯ  ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠣᠯᠤᠨ ᠲᠡᠦᠬᠡ ᠶᠢᠨ ᠲᠤᠷᠰᠢᠯᠭ᠎ᠠ ᠠᠴᠠ ᠬᠦᠴᠦᠷᠬᠡᠭ ᠶᠡᠭᠡ ᠬᠦᠴᠦᠨ ᠴᠢᠳᠠᠯ ᠢ ᠲᠠᠰᠤᠷᠠᠯᠳᠠ ᠦᠭᠡᠢ ᠰᠢᠩᠭᠡᠭᠡᠨ ᠠᠪᠴᠤ᠂ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠵᠡᠭᠦᠨ ᠦᠵᠦᠮᠦᠴᠢᠨ ᠬᠤᠰᠢᠭᠤᠨ ᠤ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠬᠤᠪᠢᠰᠬᠠᠯᠲᠦ ᠠᠬᠠᠮᠠᠳ ᠦᠶ᠎ᠡ ᠶᠢᠨ ᠬᠢᠨ ᠢ ᠬᠥᠰᠡᠷᠳᠡᠭᠦᠯᠬᠦ ᠦᠭᠡᠢ ᠰᠢᠨ᠎ᠡ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠲᠤᠰᠢᠶᠠᠯ ᠬᠠᠷᠢᠭᠤᠴᠠᠯᠭ᠎ᠠ  ᠪᠠᠨ ᠭᠦᠢᠴᠡᠳᠬᠡᠬᠦ ᠪᠦᠬᠦ ᠶᠠᠪᠤᠴᠠ ᠡᠯ᠎ᠡ ᠲᠠᠯ᠎ᠠ ᠳᠤ ᠲᠤᠭᠤᠰᠢᠯᠠᠭᠤᠯᠵᠤ᠂ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠭᠤᠣᠯ ᠰᠢᠵᠢᠮ ᠠᠴᠠ ᠥᠴᠦᠬᠡᠨ ᠴᠦ ᠰᠠᠯᠬᠤ ᠦᠭᠡᠢ ᠪᠠᠷ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠬᠡᠷᠡᠭᠲᠡᠢ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ  ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠣᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠦᠨᠡᠨ ᠬᠦ ᠨᠢᠭᠡᠳᠬᠡᠵᠦ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠪᠠᠨ ᠴᠢᠩᠭᠠᠳᠬᠠᠵᠤ᠂ ᠪᠦᠬᠦ ᠵᠠᠭᠤᠴᠢᠯᠠᠭᠤᠷ ᠤᠨ ᠰᠠᠭᠤᠷᠢᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠦᠨᠳᠦᠰᠦᠨ ᠱᠠᠲᠤᠨ ᠳᠤ ᠰᠢᠭᠤᠳ ᠬᠦᠷᠭᠡᠬᠦ ᠶᠢ ᠦᠨᠡᠨ ᠬᠦ ᠪᠠᠲᠤᠯᠠᠵᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠬᠦᠴᠦᠷᠬᠡᠭ ᠶᠡᠭᠡ ᠬᠦᠴᠦᠨ ᠢ ᠦᠨᠡᠨ ᠬᠦ ᠨᠢᠭᠲᠠᠷᠠᠭᠤᠯᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠰᠡᠳᠬᠢᠯ ᠲᠥᠪᠯᠡᠷᠡᠭᠦᠯᠦᠨ ᠰᠠᠶᠢᠲᠤᠷ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤᠮᠳᠠ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠬᠡᠷᠡᠭᠲᠡᠢ  ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠤ ᠬᠢᠨᠠᠨ ᠵᠥᠪᠯᠡᠪᠡ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号