ᠵᠡᠭᠦᠨ ᠦᠵᠦᠮᠦᠴᠢᠨ ᠬᠤᠰᠢᠭᠤ 2024 ᠣᠨ ᠤ ᠰᠣᠨᠢᠨ ᠮᠡᠳᠡᠭᠡ ᠶᠠᠷᠢᠶ᠎ᠠ ᠬᠡᠯᠡᠯᠴᠡᠭᠡᠨ ᠤ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/4/28
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ  ᠤ ᠰᠣᠨᠢᠨ ᠮᠡᠳᠡᠭᠡ ᠤᠬᠠᠭᠤᠯᠭ᠎ᠠ ᠶᠢᠨ ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠣᠨᠢᠨ ᠮᠡᠳᠡᠭᠡ ᠶᠠᠷᠢᠶ᠎ᠠ ᠬᠡᠯᠡᠯᠴᠡᠭᠡᠨ ᠤ ᠠᠵᠢᠯ ᠤᠨ ᠪᠦᠬᠦᠯᠢ ᠴᠣᠭᠴᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ  ᠶᠢᠨ ᠲᠥᠯᠥᠭᠡ᠂ 4 ᠰᠠᠷ᠎ᠠ ᠶᠢᠨ 11 ᠤ ᠡᠳᠦᠷ᠂ ᠵᠡᠭᠦᠨ ᠦᠵᠦᠮᠦᠴᠢᠨ ᠬᠤᠰᠢᠭᠤ 2024 ᠣᠨ ᠤ ᠰᠣᠨᠢᠨ ᠮᠡᠳᠡᠭᠡ ᠶᠠᠷᠢᠶ᠎ᠠ ᠬᠡᠯᠡᠯᠴᠡᠭᠡᠨ ᠤ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠡᠷᠬᠢᠯᠡᠵᠡᠢ᠃      ᠪᠣᠯᠪᠠᠰᠤᠷᠠᠯ ᠨᠢ ᠬᠢᠲᠠᠳ ᠮᠣᠩᠭᠤᠯ ᠬᠡᠯᠡ ᠪᠠᠷ ᠵᠡᠷᠭᠡ ᠪᠠᠷ ᠶᠠᠪᠤᠭᠳᠠᠵᠤ᠂ ᠰᠢᠯᠢ ᠶᠢᠨ ᠭᠤᠣᠯ ᠠᠶᠢᠮᠠᠭ ᠤᠨ ᠬᠠᠮ ᠵᠠᠭᠤᠴᠢᠯᠠᠭᠤᠷ ᠤᠨ ᠲᠥᠪ ᠤᠨ ᠳᠡᠳ᠋ ᠶᠡᠷᠦᠩᠬᠡᠢ ᠨᠠᠶᠢᠷᠠᠭᠤᠯᠤᠭᠴᠢ ᠪᠠᠢ ᠲᠢᠩ ᠰᠢᠤᠢ᠂ ᠪᠦᠷᠢᠨᠲᠦ᠂ ᠠᠶᠢᠮᠠᠭ  ᠤᠨ ᠬᠠᠮ ᠵᠠᠭᠤᠴᠢᠯᠠᠭᠤᠷ ᠤᠨ ᠲᠥᠪ ᠤᠨ ᠪᠦᠷᠢᠨ ᠵᠠᠭᠤᠴᠢᠯᠠᠭᠤᠷ ᠤᠨ ᠨᠡᠶᠢᠲᠡᠯᠡᠬᠦ ᠲᠥᠪ ᠤᠨ ᠡᠷᠬᠢᠯᠡᠭᠴᠢ ᠲᠥᠷᠦᠪᠠᠬᠢ᠂ ᠠᠶᠢᠮᠠᠭ ᠤᠨ ᠬᠠᠮ ᠵᠠᠭᠤᠴᠢᠯᠠᠭᠤᠷ ᠤᠨ ᠲᠥᠪ ᠤᠨ ᠮᠠᠯᠴᠢᠳ ᠤᠨ ᠲᠤᠰᠬᠠᠶ ᠰᠡᠳᠬᠦᠯ ᠤᠨ ᠡᠷᠬᠢᠯᠡᠭᠴᠢ ᠱᠢᠷᠦᠨᠴᠢᠮᠡᠭ᠂ ᠠᠶᠢᠮᠠᠭ ᠤᠨ ᠬᠠᠮ ᠵᠠᠭᠤᠴᠢᠯᠠᠭᠤᠷ ᠤᠨ ᠲᠥᠪ ᠤᠨ ᠦᠶᠯᠡᠳᠬᠦ ᠲᠥᠪ ᠤᠨ ᠡᠷᠬᠢᠯᠡᠭᠴᠢ ᠰᠤᠷᠭᠠᠯᠲᠦ᠂ ᠠᠶᠢᠮᠠᠭ ᠤᠨ ᠬᠠᠮ ᠵᠠᠭᠤᠴᠢᠯᠠᠭᠤᠷ ᠤᠨ ᠲᠥᠪ ᠤᠨ ᠳᠠᠮᠵᠢᠭᠤᠯᠭ᠎ᠠ ᠶᠢᠨ ᠲᠥᠪ ᠤᠨ ᠳᠡᠳ᠋ ᠡᠷᠬᠢᠯᠡᠭᠴᠢ ᠯᠢᠦ ᠵᠢᠶᠠᠩ ᠶᠠᠨ ᠠᠴᠠ ᠲᠤᠰ ᠲᠤᠰ  ︿︿ᠰᠢᠨ᠎ᠡ ᠶᠢ ᠡᠭᠦᠳᠬᠦ ᠪᠣᠯ ᠵᠠᠭᠤᠴᠢᠯᠠᠭᠤᠷ ᠤᠨ ᠠᠭᠤᠰᠤᠯᠴᠠᠯ ᠤᠨ ᠴᠤᠷ  ᠤᠨ ᠭᠠᠭᠴᠠ ᠠᠷᠭ᠎ᠠ ᠵᠠᠮ ᠮᠥᠨ﹀﹀᠂ ︿︿ᠰᠣᠨᠢᠨ ᠮᠡᠳᠡᠭᠡ ᠶᠠᠷᠢᠶ᠎ᠠ ᠬᠡᠯᠡᠯᠴᠡᠭᠡᠨ ᠤ ᠠᠵᠢᠯ ᠤᠨ ᠦᠭᠡ ᠬᠡᠯᠡᠬᠦ ᠡᠷᠬᠡ  ᠶᠢ ᠬᠡᠷᠬᠢᠨ ᠪᠠᠲᠤ ᠡᠵᠡᠮᠰᠢᠬᠦ ᠪᠣᠶ﹀﹀᠂  ︿︿ᠰᠢᠨ᠎ᠡ ᠵᠠᠭᠤᠴᠢᠯᠠᠭᠤᠷ ᠲᠠᠬᠢ ᠬᠥᠨᠳᠡᠯᠡᠨ ᠪᠣᠰᠤᠭ᠎ᠠ ᠳᠡᠯᠭᠡᠴᠡᠲᠦ ᠣᠬᠤᠷ ᠸᠢᠳᠢᠣ᠋ ᠶᠢᠨ ᠬᠡᠷᠡᠭᠯᠡᠯᠲᠡ﹀﹀᠂ ︿︿ᠰᠣᠨᠢᠨ ᠮᠡᠳᠡᠭᠡᠨ ᠤ ᠭᠦᠨᠴᠡ ᠮᠡᠳᠡᠭᠡᠯᠡᠯ ᠨᠢ ᠠᠮᠢᠳᠤᠯᠢᠭ ᠰᠣᠯᠢᠯᠴᠠᠭ᠎ᠠ ᠳᠤ ᠰᠠᠭᠤᠷᠢᠯᠠᠭᠰᠠᠨ ᠪᠠᠶᠢᠬᠤ﹀﹀᠂ ︿︿ᠨᠢᠭᠡᠨ ᠰᠠᠶᠢᠨ ᠮᠡᠳᠡᠭᠡ ᠶᠢ ᠬᠡᠷᠬᠢᠨ ᠰᠡᠳᠦᠵᠦ ᠭᠠᠷᠭᠠᠬᠤ ᠪᠣᠶ﹀﹀ ᠵᠡᠷᠭᠡ ᠠᠭᠤᠯᠭ᠎ᠠ  ᠪᠠᠷ ᠲᠤᠰᠬᠠᠶ ᠰᠡᠳᠦᠪᠲᠦ ᠬᠢᠴᠢᠶᠡᠯ ᠣᠷᠤᠵᠤ ᠪᠤᠯᠪᠠᠰᠤᠷᠠᠯ ᠬᠦᠷᠲᠡᠭᠡᠵᠡᠢ᠃      ᠨᠢᠭᠡ ᠡᠳᠦᠷ ᠤᠨ ᠬᠤᠭᠤᠴᠠᠭ᠎ᠠ ᠲᠠᠢ ᠪᠣᠯᠪᠠᠰᠤᠷᠠᠯ ᠢᠶᠠᠷ ᠳᠠᠮᠵᠢᠭᠤᠯᠤᠨ᠂ ᠣᠯᠠᠨ ᠢᠶᠠᠷ ᠢᠶᠠᠨ ᠮᠠᠰᠢ ᠶᠡᠭᠡ ᠤᠯᠤᠯᠲᠠ ᠲᠠᠢ ᠪᠠᠶᠢᠵᠤ᠂ ᠬᠤᠶᠢᠰᠢᠳᠠ ᠶᠢᠨ ᠠᠵᠢᠯ ᠤᠨ ᠳᠤᠮᠳᠠ ᠪᠠᠨ ᠥᠪᠡᠷᠰᠡᠳ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠤᠯᠠᠷᠢᠭᠤᠯᠬᠤ ᠶᠢ ᠴᠢᠷᠮᠠᠶᠢᠨ ᠰᠠᠶᠢᠲᠤᠷ ᠬᠢᠵᠦ᠂ ᠵᠡᠭᠦᠨ ᠦᠵᠦᠮᠦᠴᠢᠨ ᠤ ᠥᠯᠢᠭᠡᠷ ᠢ ᠰᠠᠶᠢᠲᠤᠷ ᠶᠠᠷᠢᠵᠤ᠂ ᠪᠥᠬᠦ ᠬᠤᠰᠢᠭᠤᠨ ᠤ ᠡᠯ᠎ᠡ ᠵᠦᠶᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠨ᠎ᠠ ᠭᠡᠵᠡᠭᠡᠪᠡ᠃ ᠣᠶᠢᠯᠠᠭᠠᠭᠰᠠᠨ ᠢᠶᠠᠷ᠂  ᠰᠢᠯᠢ ᠶᠢᠨ ᠭᠤᠣᠯ ᠠᠶᠢᠮᠠᠭ ᠤᠨ ᠬᠠᠮ ᠵᠠᠭᠤᠴᠢᠯᠠᠭᠤᠷ ᠤᠨ ᠲᠥᠪ᠂ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠵᠡᠭᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠠᠴᠠ ᠬᠠᠮᠲᠤᠷᠠᠨ ᠰᠡᠳᠦᠵᠦ ᠥᠷᠨᠢᠭᠦᠯᠦᠭᠰᠡᠨ ︿︿ᠬᠠᠪᠤᠷ ᠤᠨ ᠤᠶᠠᠩᠭ᠎ᠠ﹀﹀ ᠵᠡᠭᠦᠨ ᠦᠵᠦᠮᠦᠴᠢᠨ ᠳᠠᠬᠢ ᠰᠤᠷᠪᠤᠯᠵᠢᠯᠠᠭ᠎ᠠ ᠶᠢᠨ ᠠᠵᠢᠯᠯᠠᠭ᠎ᠠ 4 ᠳ᠋ᠦ᠋ᠭᠡᠷ ᠰᠠᠷ᠎ᠠ ᠶᠢᠨ 12 ᠤᠨ ᠡᠳᠦᠷ ᠵᠢᠩᠬᠢᠨᠢ ᠪᠠᠷ ᠡᠬᠢᠯᠡᠵᠦ᠂ ᠡᠯ᠎ᠡ ᠰᠣᠷᠪᠣᠯᠵᠢᠯᠠᠨ ᠮᠡᠳᠡᠭᠡᠯᠡᠬᠦ ᠡᠩᠨᠡᠭᠡ ᠨᠢ ᠳᠥᠷᠪᠡᠨ ᠳᠤᠭᠤᠶᠢᠯᠩ ᠬᠤᠪᠢᠶᠠᠨ ᠵᠡᠭᠦᠨ ᠦᠵᠦᠮᠦᠴᠢᠨ ᠬᠤᠰᠢᠭᠤᠨ ᠤ  ᠵᠡᠭᠦᠨ ᠪᠡᠶ᠎ᠡ᠂ ᠡᠮᠦᠨ᠎ᠡ ᠪᠡᠶ᠎ᠡ᠂ ᠪᠠᠷᠠᠭᠤᠨ ᠪᠡᠶ᠎ᠡ ᠪᠣᠯᠣᠨ ᠬᠤᠶᠢᠲᠤ ᠪᠡᠶ᠎ᠡ ᠪᠠᠷ ᠭᠦᠨᠵᠡᠭᠡᠶᠢᠷᠡᠨ ᠬᠠᠮᠲᠤᠷᠠᠭᠰᠠᠨ ᠰᠤᠷᠪᠤᠯᠵᠢᠯᠠᠭ᠎ᠠ ᠬᠢᠵᠦ᠂ ᠵᠡᠭᠦᠨ ᠦᠵᠦᠮᠦᠴᠢᠨ ᠬᠤᠰᠢᠭᠤᠨ ᠤ  ᠡᠷᠡᠯᠬᠡᠭᠯᠡᠨ ᠤᠷᠤᠭᠰᠢᠯᠠᠵᠤ ᠪᠠᠶᠢᠭ᠎ᠠ ᠪᠠᠶᠢᠳᠠᠯ ᠢ ᠪᠥᠬᠦ ᠲᠠᠯ᠎ᠠ ᠪᠠᠷ᠂ ᠣᠯᠠᠨ ᠬᠠᠷᠠᠭᠠᠰᠦ ᠠᠴᠠ ᠬᠠᠷᠠᠭᠤᠯᠵᠤ᠂ ᠨᠢᠭᠡ ᠪᠦᠯᠦᠭ ᠪᠦᠲᠦᠭᠡᠯᠴᠢ ᠰᠡᠳᠬᠢᠬᠦᠶ  ᠪᠠᠷ ᠪᠠᠶᠠᠯᠢᠭ ᠬᠠᠮ ᠵᠠᠭᠤᠴᠢᠯᠠᠭᠤᠷ ᠤᠨ ᠪᠦᠲᠦᠭᠡᠯ ᠦᠢᠯᠡᠳᠬᠦ ᠪᠤᠯᠤᠨ᠎ᠠ᠃ ᠡᠭᠦᠨ ᠤ ᠬᠠᠮᠲᠤ᠂ 4 ᠳ᠋ᠦ᠋ᠭᠡᠷ ᠰᠠᠷ᠎ᠠ  ᠶᠢᠨ 14 ᠤ ᠡᠳᠦᠷ ᠤᠨ ᠦᠳᠡ ᠶᠢᠨ ᠬᠤᠶᠢᠨ᠎ᠠ ᠰᠢᠭᠤᠳ ᠨᠡᠪᠲᠡᠷᠡᠭᠦᠯᠭᠡ ᠪᠠᠷ ᠳᠠᠮᠵᠢᠭᠤᠯᠤᠨ᠂ ᠠᠶᠢᠮᠠᠭ ᠬᠤᠰᠢᠭᠤ ᠬᠤᠶᠠᠷ ᠱᠠᠲᠤᠨ ᠤ ᠰᠤᠷᠪᠤᠯᠵᠢᠯᠠᠭᠴᠢ ᠨᠠᠶᠢᠷᠠᠭᠤᠯᠤᠭᠴᠢ᠂ ᠦᠨᠳᠦᠰᠦᠨ ᠱᠠᠲᠤᠨ ᠤ ᠴᠢᠮᠡᠭᠡᠯᠡᠭᠴᠢᠳ ᠬᠠᠮᠲᠤ ᠪᠠᠷ ᠣᠯᠤᠯᠲᠠ ᠲᠥᠷᠥᠭᠳᠡᠯ ᠢᠶᠠᠨ ᠬᠤᠪᠢᠶᠠᠯᠴᠠᠨ᠂ ᠶᠠᠷᠢᠯᠴᠠᠭ᠎ᠠ ᠥᠷᠨᠢᠭᠦᠯᠬᠦ ᠪᠣᠯᠣᠨ᠎ᠠ᠃ ᠲᠣᠰ ᠤᠳᠠᠭᠠᠨ ᠤ ᠠᠵᠢᠯᠯᠠᠭ᠎ᠠ  ᠨᠢ ᠰᠣᠨᠢᠨ‌ᠮᠡᠳᠡᠭᠡᠨ ᠤ ᠡᠩᠨᠡᠭᠡ ᠶᠢ ᠳᠠᠪᠲᠠᠨ ᠪᠣᠯᠪᠠᠰᠤᠷᠠᠭᠤᠯᠵᠤ᠂ ︿︿ᠳᠥᠷᠪᠡᠨ ᠬᠦᠴᠦᠨ﹀﹀ ᠢ ᠦᠶᠯᠡᠳᠦᠯᠭᠡᠵᠢᠭᠦᠯᠬᠦ ᠪᠣᠳᠠᠲᠠᠶ ᠶᠢ ᠡᠷᠬᠢᠮᠯᠡᠬᠦ ᠠᠵᠢᠯᠯᠠᠭ᠎ᠠ ᠪᠣᠯᠬᠤ ᠪᠠᠷ ᠪᠠᠷᠠᠬᠤ ᠥᠬᠡᠶ᠂ ᠨᠠᠩ ᠴᠤ ᠠᠶᠢᠮᠠᠭ ᠬᠤᠰᠢᠭᠤ ᠬᠤᠶᠠᠷ ᠱᠠᠲᠤᠨ ᠤ ᠬᠠᠮ ᠵᠠᠭᠤᠴᠢᠯᠠᠭᠤᠷ ᠤᠨ ᠲᠥᠪ ᠤᠨ ᠭᠦᠨᠵᠡᠭᠡᠶ ᠬᠠᠮᠲᠤᠷᠠᠯᠴᠠᠭ᠎ᠠ ᠪᠠᠶᠢᠵᠤ᠂ ᠰᠣᠨᠢᠨ ᠮᠡᠳᠡᠭᠡᠨ ᠤ ᠰᠤᠷᠪᠤᠯᠵᠢᠯᠠᠨ ᠨᠠᠶᠢᠷᠠᠭᠤᠯᠬᠤ ᠡᠩᠨᠡᠭᠡ ᠶᠢᠨ ᠦᠨᠳᠦᠰᠦᠨ ᠱᠠᠲᠤᠨ‌‍ᠳᠤ ᠭᠦᠨᠵᠡᠭᠡᠶᠢᠷᠡᠨ᠂ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠣᠯᠠᠨ ᠲᠦᠮᠡᠨ ᠤ ᠳᠤᠮᠳᠠ ᠭᠦᠨᠵᠡᠭᠡᠶᠢᠷᠡᠬᠦ ᠶᠢ ᠪᠠᠶᠢᠩᠭᠤ ᠠᠬᠢᠭᠤᠯᠬᠤ ᠪᠤᠯᠤᠨ᠎ᠠ᠃      ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠤᠬᠠᠭᠤᠯᠬᠤ ᠭᠡᠰᠢᠭᠦᠨ ᠪᠤᠶᠤ ᠰᠣᠨᠢᠨ ᠮᠡᠳᠡᠭᠡᠨ ᠤ ᠤᠬᠠᠭᠤᠯᠭ᠎ᠠ ᠶᠢᠨ ᠠᠵᠢᠯ ᠢ ᠬᠤᠪᠢᠳᠠᠨ ᠬᠠᠮᠢᠶᠠᠷᠴᠤ ᠪᠠᠶᠭ᠎ᠠ ᠤᠳᠤᠷᠢᠳᠤᠯᠭ᠎ᠠ᠂ ᠡᠯ᠎ᠡ ᠰᠤᠮᠤ ᠪᠠᠯᠭᠠᠰᠤ         ︵ᠲᠠᠯᠠᠪᠠᠢ︶᠂ ᠬᠤᠰᠢᠭᠤ ᠨᠠᠮ ᠤᠨ ᠬᠤᠷᠢᠶᠠᠨ ᠤ ᠡᠯ᠎ᠡ ᠬᠡᠯᠲᠡᠰ ᠵᠥᠪᠯᠡᠯ᠂ ᠠᠯᠪᠠᠨ ᠭᠡᠷ᠂ ᠲᠣᠪᠴᠢᠶ᠎ᠠ᠂ ᠬᠤᠰᠢᠭᠤ ᠰᠢᠭᠤᠳ ᠬᠠᠷᠢᠶ᠎ᠠ ᠡᠯ᠎ᠡ ᠨᠢᠭᠡᠴᠢ᠂ ᠬᠤᠰᠢᠭᠤᠨ ᠳᠤ ᠰᠠᠭᠤᠭ᠎ᠠ ᠡᠯ᠎ᠡ ᠨᠢᠭᠡᠴᠢ᠂ ᠬᠤᠰᠢᠭᠤᠨ ᠳᠤ ᠰᠠᠭᠤᠭ᠎ᠠ ᠡᠯ᠎ᠡ ᠴᠡᠷᠢᠭ ᠴᠠᠭᠳᠠᠭ᠎ᠠ ᠴᠡᠷᠢᠭ ᠠᠩᠭᠢ ᠪᠠ ᠡᠯ᠎ᠡ ᠠᠷᠠᠳ ᠤᠨ ᠪᠦᠯᠬᠦᠮ ᠤᠨ ᠴᠢᠮᠡᠭᠡᠯᠡᠭᠴᠢ᠂ ᠬᠤᠰᠢᠭᠤ ᠬᠠᠮ ᠵᠠᠭᠤᠴᠢᠯᠠᠭᠤᠷ ᠤᠨ ᠲᠥᠪ ᠤᠨ ᠪᠥᠬᠦ ᠰᠤᠷᠪᠤᠯᠵᠢᠯᠠᠨ ᠨᠠᠶᠢᠷᠠᠭᠤᠯᠬᠤ ᠠᠵᠢᠯᠲᠠᠨ ᠪᠣᠯᠪᠠᠰᠤᠷᠠᠯ ᠳᠤ ᠣᠷᠣᠯᠴᠠᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号