ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭᠠᠨ ᠤ ᠬᠤᠷᠠᠯ ᠵᠢᠴᠢ ᠦᠨᠳᠦᠰᠦᠲᠡᠨ ᠤ ᠪᠦᠯᠬᠦᠮᠳᠡᠯ ᠳᠠᠪᠰᠢᠯᠲᠠ  ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/28
      4 ᠳ᠋ᠦ᠋ᠭᠡᠷ ᠰᠠᠷ᠎ᠠ ᠶᠢᠨ 11 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭᠠᠨ ᠤ ᠬᠤᠷᠠᠯ ᠵᠢᠴᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ  ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠳᠡᠷ᠂ ᠳᠡᠳ᠋ ᠳᠠᠷᠤᠭ᠎ᠠ ᠴᠠᠩ ᠵᠧᠩ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠨ ᠴᠢ ᠵᠢᠶᠦ᠋ᠨ ᠪᠣᠯᠣᠨ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ᠂ ᠡᠯ᠎ᠡ ᠪᠦᠷᠢᠯᠳᠦᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠠᠴᠠ ᠪᠥᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠵᠦ᠂ ︿︿ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠢ ᠶᠢᠨ ᠨᠢᠭᠡᠳᠦᠮᠡᠯ ᠹᠷᠣᠨᠲ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠠᠮᠠᠯᠠᠯᠲᠠ ᠶᠢᠨ ᠪᠢᠴᠢᠭ﹀﹀᠂       ︿︿ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠥᠬᠦ ᠬᠦᠴᠦ ᠪᠠᠷ ᠢᠶᠠᠨ ᠪᠣᠶ ᠪᠣᠯᠭᠠᠬᠤ ᠪᠠ ᠮᠡᠳᠡᠬᠦ ᠨᠣᠷᠮ᠎ᠠ ᠶᠢ ᠳᠡᠭᠡᠭᠰᠢᠯᠡᠭᠦᠯᠬᠦ ︿ᠬᠤᠯᠪᠣᠭᠠᠯᠠᠨ ᠡᠭᠦᠳᠴᠦ ᠬᠠᠮᠲᠤ  ᠪᠠᠷ ᠡᠵᠡᠩᠨᠡᠬᠦ﹀ ᠳᠠᠭᠠᠭᠠᠴᠢᠯᠠᠨ ᠬᠤᠯᠪᠣᠭᠠᠯᠠᠬᠤ ᠲᠦᠷᠢᠮ﹀﹀ ᠢ ᠬᠢᠨᠠᠨ ᠵᠥᠪᠯᠡᠵᠦ ᠪᠠᠲᠤᠯᠠᠪᠠ᠃      ᠬᠤᠷᠠᠯ ᠠᠴᠠ ᠪᠠᠰᠠ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠪᠡ  ᠃      ᠬᠢᠩᠭᠠᠨ ᠵᠢᠭᠠᠬᠤ ᠳᠠᠭᠠᠨ᠂ ᠡᠨᠡ ᠵᠢᠯ ᠪᠣᠯ ︿︿ᠠᠷᠪᠠᠨ ᠳᠥᠷᠪᠡᠳᠦᠭᠡᠷ ᠲᠠᠪᠤᠨ ᠵᠢᠯ﹀﹀ ᠤᠨ ᠲᠥᠯᠥᠪᠵᠢᠭᠦᠯᠭᠡ  ᠶᠢᠨ ᠬᠠᠷᠠᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ᠂ ᠪᠠᠰᠠ ᠴᠤ ᠪᠥᠬᠦ ᠠᠶᠢᠮᠠᠭ ᠤᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠪᠠᠶᠢᠭᠤᠯᠬᠤ ᠬᠢᠨᠠᠨ ᠰᠢᠯᠭᠠᠯᠲᠠ ᠶᠢᠨ ᠵᠢᠯ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠰᠢᠵᠢᠮ ᠢ ᠪᠠᠲᠤ ᠡᠵᠡᠮᠳᠡᠵᠦ᠂ ᠨᠠᠮ  ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠦᠨᠳᠦᠰᠦᠲᠡᠨ  ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠯᠠᠪᠳᠠᠭᠤᠨ ᠪᠠᠲᠤᠲᠠᠶ ᠥᠷᠨᠢᠭᠦᠯᠬᠦ ᠬᠡᠷᠡᠭᠲᠡᠶ᠃ ᠡᠭᠦᠷᠭᠡ ᠪᠠᠨ ᠤᠯᠠᠮ ᠨᠢᠭᠡ ᠠᠯᠬᠤᠮ ᠪᠠᠶᠢᠷᠢᠯᠠᠭᠤᠯᠵᠤ᠂ ᠠᠷᠭ᠎ᠠ ᠬᠡᠮᠵᠢᠶ᠎ᠡ ᠪᠠᠨ ᠴᠢᠩᠭᠠᠳᠬᠠᠨ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠤᠨ ᠬᠢᠨᠠᠨ ᠰᠢᠯᠭᠠᠯᠲᠠ ᠶᠢᠨ ᠠᠵᠢᠯ ᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠬᠡᠷᠡᠭᠲᠡᠶ ᠭᠡᠪᠡ᠃      ᠬᠢᠩᠭᠠᠨ ᠴᠢᠬᠤᠯᠠᠴᠢᠯᠠᠬᠤ ᠳᠠᠭᠠᠨ᠂ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠶᠴᠡᠳ ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠣᠨᠣᠯ ᠤᠨ ᠰᠤᠷᠤᠯᠴᠠᠯᠭ᠎ᠠ ᠪᠠᠨ ᠴᠢᠩᠭᠠᠳᠬᠠᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠲᠠᠰᠤᠷᠠᠯᠲᠠ ᠥᠬᠡᠶ ᠠᠬᠢᠭᠤᠯᠬᠤ       ᠬᠡᠷᠡᠭᠲᠡᠶ᠃ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠦᠨᠳᠦᠰᠦᠲᠡᠨ ᠤ ᠪᠦᠯᠬᠦᠮᠳᠡᠯ ᠤᠨ ᠠᠵᠢᠯ ᠢ ᠭᠦᠨᠵᠡᠭᠡᠶᠢᠷᠡᠭᠦᠯᠵᠦ᠂ ᠱᠠᠰᠢᠨ ᠰᠤᠷᠲᠠᠬᠤᠨ ᠤ ᠡᠶ᠎ᠡ ᠵᠣᠬᠢᠴᠠᠩᠭᠤᠢ ᠢᠯᠭᠤᠮ ᠤᠷᠤᠭᠰᠢᠲᠠᠢ ᠪᠠᠶᠢᠬᠤ ᠶᠢ ᠠᠬᠢᠭᠤᠯᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠨᠡᠶᠢᠭᠡᠮ ᠤᠨ ᠬᠥᠭᠵᠢᠯᠲᠡ  ᠶᠢᠨ ᠬᠠᠮᠲᠤᠷᠠᠯ ᠬᠦᠴᠦᠨ ᠢ ᠨᠢᠭᠲᠠᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠠᠶᠢᠴᠠᠭᠠᠯᠲᠠ ᠶᠢ ᠤᠭᠲᠤᠬᠤ ᠠᠵᠢᠯ ᠤᠨ ᠴᠢᠬᠤᠯᠠ ᠴᠢᠨᠠᠷ᠂ ᠪᠡᠷᠬᠡ ᠬᠠᠲᠠᠭᠤᠵᠢᠯᠲᠤ ᠴᠢᠨᠠᠷ ᠪᠠ ᠲᠤᠯᠭᠠᠮ᠎ᠠ ᠴᠢᠨᠠᠷ  ᠢ ᠭᠦᠢᠴᠡᠳ ᠲᠠᠨᠢᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠬᠠᠷᠢᠯᠴᠠᠨ ᠬᠠᠮᠵᠢᠯᠴᠠᠵᠤ᠂ ᠬᠠᠮᠲᠤ ᠪᠠᠷ ᠴᠢᠷᠮᠠᠶᠢᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠠᠶᠢᠮᠠᠭ ᠢ ᠪᠠᠶᠢᠭᠤᠯᠬᠤ ᠳᠤ ᠵᠡᠭᠦᠨ ᠦᠵᠦᠮᠦᠴᠢᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号