ᠪᠦᠬᠦ ᠬᠤᠰᠢᠭᠤᠨ ᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2024/4/29
      2024 ᠣᠨ ᠪᠣᠯ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠳᠤᠷᠠᠳᠤᠭᠰᠠᠨ 10 ᠵᠢᠯ  ᠤᠨ ᠣᠶ ᠪᠣᠯᠤᠨ᠎ᠠ᠂ 4 ᠰᠠᠷ᠎ᠠ ᠶᠢᠨ 15 ᠤ ᠡᠳᠦᠷ ᠪᠣᠯ ᠤᠯᠤᠰ ᠤᠨ ᠶᠢᠰᠦᠳᠦᠭᠡᠷ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠪᠣᠯᠤᠨ᠎ᠠ᠂ ᠥᠷᠭᠡᠨ ᠣᠯᠠᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠠᠷᠬᠠᠨ ᠡᠭᠦᠷᠭᠡ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠬᠦ ᠶᠢᠨ ᠲᠥᠯᠥᠭᠡ᠂ 4 ᠰᠠᠷ᠎ᠠ ᠶᠢᠨ 12 ᠤᠨ ᠡᠳᠦᠷ᠂ ᠵᠡᠭᠦᠨ ᠦᠵᠦᠮᠦᠴᠢᠨ ᠬᠤᠰᠢᠭᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠡᠷᠬᠢᠯᠡᠬᠦ ᠲᠣᠪᠴᠢᠶ᠎ᠠ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠬᠠᠮᠲᠤᠷᠠᠨ ᠬᠤᠰᠢᠭᠤ ᠵᠡᠪᠰᠡᠭᠲᠦ ᠴᠠᠭᠳᠠᠭ᠎ᠠ ᠶᠢᠨ ᠳᠣᠲᠣᠭᠠᠳᠤ ᠬᠠᠮᠠᠭᠠᠯᠠᠯᠲᠠ ᠶᠢᠨ ᠳᠤᠮᠳᠠ ᠠᠩᠭᠢ ᠳᠤ ᠬᠦᠷᠴᠦ ᠤᠯᠤᠰ ᠤᠨ ᠠᠮᠤᠷ ᠲᠦᠪᠰᠢᠨ ᠢ ᠴᠡᠷᠢᠭ ᠤᠨ ᠬᠤᠸᠠᠷᠠᠨ ᠳᠤ ᠣᠷᠣᠭᠤᠯᠬᠤ᠂ ᠠᠮᠤᠷ ᠲᠦᠪᠰᠢᠨ ᠤ ᠤᠬᠠᠮᠰᠠᠷ ᠢ ᠬᠥᠮᠦᠰ ᠤᠨ ᠰᠡᠳᠬᠢᠯ ᠳᠤ ᠬᠠᠳᠠᠩᠰᠢᠭᠤᠯᠬᠤ《 ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢᠨ ᠰᠢᠨ᠎ᠡ ᠶᠢ ᠡᠭᠦᠳᠴᠦ ᠬᠥᠲᠥᠯᠥᠨ ᠳᠠᠭᠠᠭᠤᠯᠤᠭᠰᠠᠨ 10 ᠵᠢᠯ ᠤᠨ ᠣᠶ 》 ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ᠃      ᠠᠵᠢᠯᠯᠠᠭᠠᠨ ᠳᠤ᠂ ᠵᠡᠭᠦᠨ ᠦᠵᠦᠮᠦᠴᠢᠨ ᠬᠤᠰᠢᠭᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ‌‍ᠤᠨ ᠬᠡᠷᠡᠭ ᠡᠷᠬᠢᠯᠡᠬᠦ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠠᠴᠠ ᠬᠡᠷᠡᠭ ᠤᠨ ᠵᠢᠱᠢᠶ᠎ᠡ ᠪᠠᠷ ᠬᠠᠤᠯᠢ ᠶᠠᠷᠢᠬᠤ ᠬᠡᠯᠪᠡᠷᠢ ᠪᠠᠷ ᠳᠠᠮᠵᠢᠭᠤᠯᠤᠨ ᠲᠠᠩᠨᠠᠭᠤᠯ ᠢ ᠡᠰᠡᠷᠭᠦᠴᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠬᠥᠮᠦᠵᠢᠯ  ᠢ ᠲᠠᠶᠢᠯᠪᠤᠷᠢᠯᠠᠵᠤ᠂ ᠣᠯᠠᠨ ᠢ ᠵᠣᠬᠢᠶᠠᠨ ᠪᠠᠶᠢᠭᠤᠯᠵᠤ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠹᠢᠯᠢᠮ ᠢ ᠰᠣᠨᠢᠷᠬᠠᠭᠤᠯᠪᠠ᠃ ᠡᠭᠦᠨ ᠤ ᠬᠠᠮᠲᠦ᠂ ᠤᠯᠤᠰ ᠤᠨ ᠠᠮᠤᠷ ᠲᠦᠪᠰᠢᠨ᠂ ᠦᠨᠳᠦᠰᠦᠲᠡᠨ ᠤ ᠪᠦᠯᠬᠦᠮᠳᠡᠯ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠲᠦᠷᠢᠮ ᠲᠣᠭᠲᠠᠭᠠᠯ ᠪᠠ ᠴᠡᠷᠢᠭ ᠠᠴᠠ ᠬᠠᠯᠠᠭᠳᠠᠭᠰᠠᠳ ᠤᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠲᠣᠭᠲᠠᠭᠠᠯ ᠢ ᠨᠠᠩ ᠰᠠᠶᠢᠲᠤᠷ ᠣᠶᠢᠯᠠᠭᠠᠭᠤᠯᠬᠤ ᠶᠢᠨ ᠲᠥᠯᠥᠭᠡ᠂ ᠲᠤᠬᠠᠶ ᠶᠢᠨ ᠲᠠᠯᠠᠪᠠᠶ ᠶᠢᠨ ᠳᠠᠷᠤᠭ᠎ᠠ ᠪᠠᠶᠢᠯᠳᠤᠭᠴᠢᠳ ᠲᠤ ᠤᠬᠠᠭᠤᠯᠭ᠎ᠠ ᠬᠥᠮᠦᠵᠢᠯ ᠤᠨ ᠮᠠᠲ᠋ᠧᠷᠢᠶᠠᠯ ᠲᠠᠷᠬᠠᠭᠠᠪᠠ᠃      ᠲᠤᠰ ᠤᠳᠠᠭ᠎ᠠ ᠶᠢᠨ ᠠᠵᠢᠯᠯᠠᠭ᠎ᠠ ᠨᠢ ᠪᠦᠬᠦ ᠳᠠᠷᠤᠭ᠎ᠠ ᠪᠠᠶᠢᠯᠳᠤᠭᠴᠢᠳ ᠲᠤ ᠰᠢᠨ᠎ᠡ ᠪᠠᠶᠢᠳᠠᠯ ᠳᠣᠣᠷᠠᠬᠢ ᠤᠯᠤᠰ ᠤᠨ ᠠᠮᠤᠷ ᠲᠦᠪᠰᠢᠨ ᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠭᠤᠯᠵᠤ᠂ ᠤᠯᠤᠰ ᠤᠨ ᠠᠮᠤᠷ ᠲᠦᠪᠰᠢᠨ ᠤ ᠦᠵᠡᠯᠲᠡ ᠶᠢᠨ ᠲᠤᠬᠠᠢ ᠲᠠᠨᠢᠯᠲᠠ ᠶᠢ ᠨᠢ ᠳᠡᠭᠡᠭᠰᠢᠯᠡᠭᠦᠯᠵᠦ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠤᠬᠠᠮᠰᠠᠷ ᠢ ᠨᠢ ᠴᠢᠩᠭᠠᠳᠬᠠᠵᠠᠢ᠃ ᠤᠯᠠᠨ ᠢᠶᠠᠷ ᠢᠶᠠᠨ᠂ ᠪᠣᠳᠠᠲᠤ ᠦᠢᠯᠡ ᠠᠵᠢᠯᠯᠠᠭ᠎ᠠ ᠪᠠᠷ ᠢᠶᠠᠨ ᠤᠯᠤᠰ ᠤᠨ ᠠᠮᠤᠷ ᠲᠦᠪᠰᠢᠨ ᠢ ᠬᠠᠮᠠᠭᠠᠯᠠᠵᠤ᠂ ᠤᠯᠤᠰ ᠤᠨ ᠠᠮᠤᠷ ᠲᠦᠪᠰᠢᠨ ᠤ ᠵᠢᠱᠢᠶᠡᠴᠢ ᠬᠠᠮᠠᠭᠠᠯᠠᠭᠴᠢ ᠪᠠ ᠡᠷᠡᠰ ᠬᠠᠮᠠᠭᠠᠯᠠᠭᠴᠢ ᠪᠣᠯᠤᠨ᠎ᠠ ᠭᠡᠵᠦ ᠢᠯᠡᠳᠬᠡᠵᠡᠭᠡᠪᠡ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号