ᠬᠤᠶᠠᠳᠤᠭᠠᠷ ᠬᠤᠭᠤᠴᠠᠭᠠᠨ ᠤ ᠪᠥᠬᠦ ᠬᠤᠰᠢᠭᠤᠨ ᠤ ᠤᠯᠤᠰ ᠤᠨ ᠠᠮᠤᠷ ᠲᠦᠪᠰᠢᠨ ᠤ ᠶᠡᠷᠦᠩᠬᠡᠢ ᠦᠵᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠰᠬᠠᠢ ᠰᠡᠳᠦᠪᠲᠦ ᠪᠣᠯᠪᠠᠰᠤᠷᠠᠯ ᠶᠠᠪᠤᠭᠳᠠᠪᠠ
ᠨᠡᠶᠢᠲᠡᠯᠡᠭᠰᠡᠨ ᠴᠠᠭ᠄
2024/4/29
      ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠪᠠ ᠬᠡᠪ ᠪᠣᠯᠪᠠᠰᠤᠷᠠᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠶᠢᠰᠦᠳᠦᠭᠡᠷ ᠬᠤᠭᠤᠴᠠᠭᠠᠨ ᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠬᠦᠷᠴᠦ ᠢᠷᠡᠬᠦ ᠲᠠᠰᠢᠷᠠᠮ ᠳᠤ᠂ 4 ᠰᠠᠷ᠎ᠠ ᠶᠢᠨ12 ᠤ ᠡᠳᠦᠷ᠂ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠵᠥᠪᠯᠡᠯ ᠤᠨ ᠠᠯᠪᠠᠨ ᠭᠡᠷ ᠬᠤᠶᠠᠳᠤᠭᠠᠷ ᠬᠤᠭᠤᠴᠠᠭᠠᠨ ᠤ ᠪᠥᠬᠦ ᠬᠤᠰᠢᠭᠤᠨ ᠤ ᠤᠯᠤᠰ ᠤᠨ ᠠᠮᠤᠷ ᠲᠦᠪᠰᠢᠨ ᠤ ᠶᠡᠷᠦᠩᠬᠡᠢ ᠦᠵᠡᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠰᠬᠠᠢ ᠰᠡᠳᠦᠪᠲᠦ ᠪᠣᠯᠪᠠᠰᠤᠷᠠᠯ ᠡᠷᠭᠢᠯᠡᠪᠡ᠃    ᠪᠣᠯᠪᠠᠰᠤᠷᠠᠯ ᠳᠤ᠂ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠣᠯᠠᠨ ᠨᠡᠶᠢᠲᠡ ᠶᠢᠨ ᠬᠠᠮᠢᠶᠠᠷᠤᠯᠲᠠ ᠶᠢᠨ ᠵᠢᠭᠠᠨ ᠰᠤᠳᠤᠯᠬᠤ ᠬᠡᠯᠲᠡᠰ ᠤᠨ ᠫᠷᠤᠹᠧᠰᠰᠤᠷ ᠭᠤᠸ ᠵᠢᠩ ᠼᠠᠢ       ︽ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ︾ ᠪᠠᠷ ᠰᠡᠳᠦᠪᠯᠡᠵᠦ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠳᠤᠷᠠᠳᠤᠭᠰᠠᠨ ᠪᠠ ᠠᠭᠤᠯᠤᠭᠳᠠᠬᠤᠨ᠂ ᠣᠳᠣᠬᠠᠨ ᠤ ᠮᠠᠨ ᠤ ᠤᠯᠤᠰ ᠤᠨ ᠤᠯᠤᠰ ᠤᠨ ᠠᠮᠤᠷ ᠲᠦᠪᠰᠢᠨ ᠳᠤ ᠲᠤᠯᠭᠠᠷᠠᠵᠤ ᠪᠠᠶᠢᠭ᠎ᠠ ᠲᠦᠭᠰᠢᠭᠦᠷᠢ ᠪᠠ ᠥᠷᠢᠰᠦᠯᠳᠦᠭᠡᠨ᠂ ᠳᠤᠮᠳᠠᠳᠤ ᠤᠯᠤᠰ ᠤᠨ ᠣᠨᠴᠠᠯᠢᠭ ᠲᠠᠢ ᠤᠯᠤᠰ ᠤᠨ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠶᠢ ᠪᠠᠶᠢᠭᠤᠯᠬᠤ ᠵᠡᠷᠭᠡ ᠬᠡᠳᠦᠨ ᠲᠠᠯ᠎ᠠ  ᠠᠴᠠ ᠲᠤᠰᠬᠠᠢ ᠰᠡᠳᠦᠪ ᠢᠶᠠᠷ ᠬᠢᠴᠢᠶᠡᠯᠯᠡᠭᠰᠡᠨ ᠪᠠᠶᠢᠨ᠎ᠠ᠃ ᠲᠣᠰ ᠤᠳᠠᠭᠠᠨ ᠤ ᠬᠢᠴᠢᠶᠡᠯ ᠨᠢ ᠣᠨᠣᠯ ᠤᠨ ᠲᠠᠯ᠎ᠠ ᠪᠠᠷ ᠥᠨᠳᠥᠷᠴᠡ ᠪᠠ ᠭᠦᠨᠴᠡ ᠲᠠᠢ ᠮᠥᠷᠲᠡᠭᠡᠨ ᠪᠠᠰᠠ ᠠᠮᠢᠳᠤᠯᠢᠭ ᠪᠣᠳᠠᠲᠤ᠂ ᠬᠠᠨᠳᠤᠯᠭᠠᠲᠤ ᠴᠢᠨᠠᠷ ᠪᠠ ᠦᠢᠯᠡᠳᠦᠯᠭᠡ ᠶᠢᠨ ᠴᠢᠨᠠᠷ ᠲᠠᠢ ᠪᠠᠶᠢᠵᠤ᠂ ᠬᠤᠷᠠᠯ ᠳᠤ ᠣᠷᠣᠯᠴᠠᠭᠰᠠᠳ ᠤᠨ ᠤᠯᠤᠰ ᠤᠨ ᠠᠮᠤᠷ ᠲᠦᠪᠰᠢᠨ ᠤ ᠶᠡᠷᠦᠩᠬᠡᠢ ᠦᠵᠡᠯᠲᠡ ᠶᠢ ᠪᠥᠬᠦ ᠲᠠᠯ᠎ᠠ ᠪᠠᠷ ᠰᠤᠷᠤᠯᠴᠠᠬᠤ᠂ ᠭᠦᠨᠵᠡᠭᠡᠢ ᠣᠶᠢᠯᠠᠭᠠᠬᠤ᠂ ᠣᠨᠣᠪᠴᠢᠲᠠᠶ ᠡᠵᠡᠮᠳᠡᠬᠦ᠂ ᠤᠯᠤᠰ ᠤᠨ ᠠᠮᠤᠷ ᠲᠦᠪᠰᠢᠨ ᠤ ᠶᠡᠷᠦᠩᠬᠡᠢ ᠦᠵᠡᠯᠲᠡ ᠶᠢ ᠭᠦᠨᠵᠡᠭᠡᠢ ᠦᠢᠯᠡᠳᠦᠯᠭᠡᠵᠢᠭᠦᠯᠬᠦ ᠳᠤ ᠮᠠᠰᠢ ᠶᠡᠭᠡ ᠠᠬᠢᠭᠤᠯᠬᠤ ᠦᠢᠯᠡᠳᠦᠯ ᠦᠵᠡᠭᠦᠯᠦᠭᠰᠡᠨ ᠪᠠᠶᠢᠨ᠎ᠠ᠃     ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠨᠵᠡᠭᠡᠢ ᠲᠠᠨᠢᠬᠤ ᠬᠡᠷᠡᠭᠲᠡᠢ᠃ ᠮᠠᠨ ᠤ ᠬᠤᠰᠢᠭᠤ ᠨᠢ ᠬᠢᠯᠢ ᠬᠢᠵᠠᠭᠠᠷ ᠣᠷᠣᠨ‌‍ᠳᠤ ᠪᠠᠶᠢᠷᠢᠯᠠᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠬᠠᠷᠢᠭᠤᠴᠠᠯᠭ᠎ᠠ ᠬᠦᠨᠳᠦ᠂ ᠪᠥᠬᠦ ᠬᠤᠰᠢᠭᠤᠨ ᠤ ᠦᠨᠳᠦᠰᠦᠲᠡᠨ  ᠨᠦᠭᠦᠳ ᠤᠨ ᠠᠷᠠᠳ ᠲᠦᠮᠡᠨ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ ᠪᠠᠨ ᠪᠠᠲᠤᠳᠬᠠᠨ᠂ ᠠᠮᠤᠷ ᠲᠦᠪᠰᠢᠨ ᠤ ᠶᠡᠭᠡ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠭᠡᠰᠢᠭᠦᠨ᠂ ᠺᠠᠳ᠋ᠷᠴᠤᠳ ᠤᠯᠤᠰ ᠤᠨ ᠠᠮᠤᠷ ᠲᠦᠪᠰᠢᠨ ᠤ ᠶᠡᠷᠦᠩᠬᠡᠢ ᠦᠵᠡᠯᠲᠡ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠤᠯᠤᠰ ᠤᠨ ᠠᠮᠤᠷ ᠲᠦᠪᠰᠢᠨ ᠤ ᠠᠵᠢᠯ ᠢ ᠡᠯ᠎ᠡ ᠵᠦᠢᠯ ᠤᠨ ᠠᠵᠢᠯ ᠳᠠᠭᠠᠨ        ᠲᠤᠤᠱᠯᠠᠭᠤᠯᠵᠤ᠂ ᠡᠳᠦᠷ ᠳᠤᠳᠤᠮ ᠤᠨ ᠠᠵᠢᠯ ᠳᠠᠬᠢ ᠠᠮᠤᠷ ᠲᠦᠪᠰᠢᠨ ᠤ ᠤᠬᠠᠮᠰᠠᠷ ᠪᠠ ᠨᠢᠭᠤᠴᠠ ᠶᠢ ᠬᠠᠮᠠᠭᠠᠯᠠᠬᠤ ᠤᠬᠠᠮᠰᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠪᠠᠲᠤᠳᠬᠠᠵᠤ ᠦᠪᠡᠷ ᠤᠨ ᠤᠬᠠᠮᠰᠠᠷ ᠠᠴᠠ ᠪᠠᠨ ᠤᠯᠤᠰ ᠤᠨ ᠠᠮᠤᠷ ᠲᠦᠪᠰᠢᠨ ᠢ ᠬᠠᠮᠠᠭᠠᠯᠠᠨ᠂ ᠤᠯᠤᠰ ᠤᠨ ᠠᠮᠤᠷ ᠲᠦᠪᠰᠢᠨ ᠤ ᠰᠠᠬᠢᠭᠴᠢ ᠪᠠ ᠡᠷᠡᠰ ᠬᠠᠮᠠᠭᠠᠯᠠᠭᠴᠢ ᠪᠣᠯᠬᠤ ᠬᠡᠷᠡᠭᠲᠡᠢ ᠭᠡᠰᠡᠨ ᠪᠠᠶᠢᠨ᠎ᠠ᠃    ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠡᠯ᠎ᠡ ᠠᠯᠪᠠᠨ ᠭᠡᠷ᠂ ᠰᠢᠭᠤᠳ ᠬᠠᠷᠢᠶ᠎ᠠ ᠪᠠᠶᠢᠭᠤᠯᠭ᠎ᠠ᠂ ᠬᠤᠰᠢᠭᠤᠨ ᠳᠤ ᠰᠠᠭᠤᠭ᠎ᠠ ᠡᠯ᠎ᠡ ᠨᠢᠭᠡᠴᠡ ᠶᠢᠨ 160 ᠭᠠᠷᠤᠢ ᠬᠥᠮᠥᠨ ᠬᠤᠷᠠᠯ ᠳᠤ ᠣᠷᠣᠯᠴᠠᠵᠠᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号