ᠬᠤᠰᠢᠭᠤ ᠰᠤᠷᠭᠠᠨ ᠬᠥᠮᠦᠵᠢᠯ ᠤᠨ ᠰᠢᠰᠲ᠋ᠧᠮ ᠤᠨ ᠴᠡᠴᠡᠷᠯᠢᠭ ᠪᠠᠭ᠎ᠠ ᠰᠤᠷᠭᠠᠭᠤᠯᠢ ᠶᠢᠨ ᠰᠤᠷᠭᠠᠨ ᠬᠦᠮᠦᠵᠢᠯ ᠢ ᠵᠠᠯᠭᠠᠭᠤᠯᠬᠤ ᠡᠬᠢᠯᠡᠯᠲᠡ ᠶᠢᠨ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2024/4/29
      ᠬᠡᠦᠬᠡᠳ ᠤᠨ ᠴᠡᠴᠡᠷᠯᠢᠭ ᠢ ᠪᠠᠭ᠎ᠠ ᠰᠤᠷᠭᠠᠭᠤᠯᠢ ᠲᠠᠢ ᠰᠢᠨᠵᠢᠯᠡᠬᠦ ᠤᠬᠠᠭᠠᠨᠴᠢ ᠪᠠᠷ ᠵᠣᠯᠭᠠᠭᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ᠬᠡᠦᠬᠡᠳ ᠢ ᠬᠠᠪᠰᠤᠷᠤᠨ ᠴᠡᠴᠡᠷᠯᠢᠭ ᠠᠴᠠ ᠪᠠᠭ᠎ᠠ ᠰᠤᠷᠭᠠᠭᠤᠯᠢ ᠬᠦᠷᠲᠡᠯ᠎ᠡ ᠲᠣᠭᠲᠠᠭᠤᠨ ᠢᠶᠠᠷ ᠰᠢᠯᠵᠢᠭᠦᠯᠬᠦ ᠶᠢᠨ ᠲᠥᠯᠥᠭᠡ᠂ 4 ᠰᠠᠷ᠎ᠠ ᠶᠢᠨ 12 ᠤᠨ ᠦᠳᠡ ᠶᠢᠨ ᠬᠤᠶᠢᠨ᠎ᠠ᠂ ᠮᠠᠨ ᠤ ᠬᠤᠰᠢᠭᠤᠨ ᠤ ᠰᠤᠷᠭᠠᠨ ᠬᠦᠮᠦᠵᠢᠯ ᠤᠨ ᠰᠢᠰᠲ᠋ᠧᠮ ᠤᠨ ᠴᠡᠴᠡᠷᠯᠢᠭ ᠪᠠᠭ᠎ᠠ ᠰᠤᠷᠭᠠᠭᠤᠯᠢ ᠶᠢᠨ ᠰᠤᠷᠭᠠᠨ ᠬᠦᠮᠦᠵᠢᠯ ᠢ ᠵᠠᠯᠭᠠᠭᠤᠯᠬᠤ ᠡᠬᠢᠯᠡᠯᠲᠡ ᠶᠢᠨ ᠶᠣᠰᠣᠯᠠᠯ ᠬᠤᠰᠢᠭᠤ ᠭᠤᠷᠪᠠᠳᠤᠭᠠᠷ ᠬᠡᠦᠬᠡᠳ ᠤᠨ ᠴᠡᠴᠡᠷᠯᠢᠭ ᠲᠤ ᠶᠠᠪᠤᠭᠳᠠᠪᠠ᠃      ᠶᠣᠰᠣᠯᠠᠯ ᠳᠡᠭᠡᠷ᠎ᠡ᠂ ᠡᠯ᠎ᠡ ᠬᠤᠯᠪᠣᠭᠳᠠᠯ ᠪᠥᠬᠦᠶ ᠪᠠᠭ᠎ᠠ ᠰᠤᠷᠭᠠᠭᠤᠯᠢ ᠨᠢ ᠬᠡᠦᠬᠡᠳ ᠤᠨ ᠴᠡᠴᠡᠷᠯᠢᠭ ᠤᠨ ᠬᠠᠷᠢᠭᠤᠴᠠᠯᠭᠠᠲᠠᠨ ᠲᠠᠢ ᠬᠤᠯᠪᠣᠭᠠᠯᠠᠨ ᠬᠥᠳᠡᠯᠦᠯᠴᠡᠬᠦ ᠵᠥᠪᠯᠡᠯᠴᠡᠭᠡᠷ ᠤᠨ ᠪᠢᠴᠢᠭ ᠲᠣᠭᠲᠠᠵᠤ᠂ ᠡᠨᠡ ᠨᠢ ᠬᠡᠦᠬᠡᠳ  ᠤᠨ ᠴᠡᠴᠡᠷᠯᠢᠭ᠂ ᠰᠤᠷᠭᠠᠭᠤᠯᠢ ᠨᠢ ᠬᠠᠮᠲᠤ ᠪᠠᠷ ᠭᠠᠷ ᠬᠤᠯᠪᠣᠨ᠂ ᠨᠢᠭᠲᠠ ᠬᠠᠮᠲᠤᠷᠠᠯᠴᠠᠵᠤ᠂ ᠬᠡᠦᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢ ᠬᠤᠤᠰ ᠴᠢᠭᠯᠡᠯ ᠢᠶᠠᠷ ᠵᠣᠯᠭᠠᠭᠤᠯᠬᠤ ᠰᠢᠨ᠎ᠡ ᠠᠷᠭ᠎ᠠ ᠬᠡᠮᠵᠢᠶ᠎ᠡ ᠶᠢ ᠬᠠᠮᠲᠤ  ᠪᠠᠷ ᠬᠠᠶᠢᠨ ᠰᠦᠪᠡᠭᠴᠢᠯᠡᠵᠦ᠂ ᠬᠡᠦᠬᠡᠳ ᠤᠨ ︽ᠰᠤᠷᠭᠠᠭᠤᠯᠢ ᠳᠤ ᠣᠷᠣᠬᠤ ᠵᠠᠮ︾ ᠢ ᠰᠠᠶᠢᠲᠤᠷ ᠵᠠᠮᠨᠠᠬᠤ ᠳᠤ ᠬᠦᠴᠦᠨ ᠨᠡᠮᠡᠷᠢᠯᠡᠬᠦ ᠶᠢ ᠬᠠᠷᠠᠭᠤᠯᠵᠤ ᠪᠠᠶᠢᠨ᠎ᠠ᠃      ᠲᠤᠰ ᠤᠳᠠᠭᠠᠨ ᠤ ᠬᠥᠳᠡᠯᠭᠡᠭᠡᠨ ᠳᠤ᠂ ᠪᠠᠰᠠ ᠬᠡᠦᠬᠡᠳ ᠤᠨ ᠴᠡᠴᠡᠷᠯᠢᠭ ᠤᠨ ᠲᠠᠪᠤᠨ ᠶᠡᠭᠡ ᠬᠦᠷᠢᠶᠡᠨ ᠤ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠤᠨ ᠦᠵᠡᠭᠦᠯᠦᠯᠭᠡ᠂ ᠪᠠᠭ᠎ᠠ ᠰᠤᠷᠭᠠᠭᠤᠯᠢ ᠪᠣᠯᠤᠨ ᠬᠡᠦᠬᠡᠳ ᠤᠨ ᠴᠡᠴᠡᠷᠯᠢᠭ ᠤᠨ ᠪᠠᠭᠰᠢ ᠶᠢᠨ ︽ᠬᠠᠮᠲᠤ ᠪᠠᠷ ᠨᠢᠭᠡ ᠬᠢᠴᠢᠶᠡᠯ ᠣᠷᠣᠬᠤ︾ ᠵᠢᠭᠠᠨ ᠰᠤᠷᠭᠠᠯᠲᠠ ᠶᠢᠨ ᠠᠵᠢᠯᠯᠠᠭ᠎ᠠ  ᠶᠢᠨ ᠦᠵᠡᠭᠦᠯᠦᠯᠭᠡ᠂ ︽ᠪᠢ ᠪᠤᠯᠤᠨ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠶᠠᠷᠢᠯᠴᠠᠭ᠎ᠠ︾ ᠸᠢᠳᠢᠣ᠋ ᠦᠵᠡᠭᠦᠯᠦᠯᠭᠡ ᠵᠢᠴᠢ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ᠂ ᠭᠡᠷ ᠪᠦᠯᠢ ᠶᠢᠨ ᠬᠠᠮᠲᠤᠷᠠᠬᠤ ᠲᠤᠬᠠᠢ ᠴᠢᠯᠦᠭᠡᠲᠦ ᠶᠠᠷᠢᠯᠴᠠᠭ᠎ᠠ ᠵᠡᠷᠭᠡ ᠣᠯᠠᠨ ᠬᠡᠯᠪᠡᠷᠢ ᠶᠢᠨ᠂ ᠠᠭᠤᠯᠭ᠎ᠠ ᠪᠠᠷ ᠪᠠᠶᠠᠯᠢᠭ ᠦᠵᠡᠭᠦᠯᠦᠯᠭᠡ ᠶᠢᠨ ᠠᠵᠢᠯᠯᠠᠭ᠎ᠠ ᠶᠢ ᠲᠤᠬᠢᠷᠠᠭᠤᠯᠵᠤ᠂ ᠬᠥᠳᠡᠯᠭᠡᠭᠡᠨ ᠳᠤ ᠣᠷᠣᠯᠴᠠᠭᠰᠠᠨ ᠭᠡᠷ ᠤᠨ ᠠᠬᠠᠮᠠᠳ ᠲᠤ ᠬᠡᠦᠬᠡᠳ ᠤᠨ ᠴᠡᠴᠡᠷᠯᠢᠭ ᠤᠨ ᠰᠤᠷᠤᠯᠭ᠎ᠠ ᠪᠠ ᠠᠮᠢᠳᠤᠷᠠᠯ ᠤᠨ ᠪᠠᠶᠢᠳᠠᠯ ᠢ ᠨᠠᠩ ᠰᠠᠶᠢᠨ ᠤᠶᠢᠯᠠᠭᠠᠭᠤᠯᠵᠤ᠂ ᠭᠡᠷ ᠪᠦᠯᠢ ᠴᠡᠴᠡᠷᠯᠢᠩ ᠤᠨ ᠬᠠᠮᠲᠤᠷᠠᠯᠴᠠᠭᠠᠨ ᠤ ᠬᠦᠴᠦᠨ ᠢ ᠨᠢᠭᠲᠠᠷᠠᠭᠤᠯᠵᠤ᠂ ᠭᠡᠷ ᠪᠦᠯᠢ ᠴᠡᠴᠡᠷᠯᠢᠩ ᠢᠶᠠᠨ ᠬᠠᠮᠲᠤ ᠪᠠᠷ ᠪᠤᠶᠢᠵᠢᠭᠤᠯᠬᠤ ᠬᠥᠭᠦᠷᠭᠡ ᠶᠢ ᠪᠠᠶᠢᠭᠤᠯᠤᠭᠰᠠᠨ ᠤ ᠬᠠᠮᠲᠤ ᠪᠠᠰᠠ ᠬᠡᠦᠬᠡᠳ ᠢ ᠬᠠᠪᠰᠤᠷᠤᠨ ᠪᠠᠭ᠎ᠠ ᠰᠤᠷᠭᠠᠭᠤᠯᠢ ᠶᠢᠨ ᠠᠮᠢᠳᠤᠷᠠᠯ᠂ ᠣᠷᠴᠢᠨ ᠲᠣᠭᠤᠷᠢᠨ ᠵᠢᠴᠢ ᠰᠤᠷᠤᠯᠴᠠᠬᠤ ᠬᠡᠯᠪᠡᠷᠢ ᠶᠢ ᠪᠦᠬᠦ ᠲᠠᠯ᠎ᠠ ᠪᠠᠷ ᠤᠶᠢᠯᠠᠭᠠᠭᠤᠯᠵᠠᠢ  ᠃      ᠲᠣᠰ ᠤᠳᠠᠭᠠᠨ ᠤ ᠴᠡᠴᠡᠷᠯᠢᠭ ᠪᠠᠭ᠎ᠠ ᠰᠤᠷᠭᠠᠭᠤᠯᠢ ᠶᠢ ᠵᠣᠯᠭᠠᠭᠤᠯᠬᠤ ᠠᠵᠢᠯᠯᠠᠭ᠎ᠠ ᠨᠢ ︿︿ᠬᠤᠤᠰ ᠴᠢᠭᠯᠡᠯ  ᠢᠶᠠᠷ ᠵᠣᠯᠭᠠᠭᠤᠯᠬᠤ﹀﹀ ᠳᠤ ᠰᠤᠷᠤᠯᠴᠠᠬᠤ ᠪᠠ ᠰᠤᠳᠤᠯᠤᠨ ᠶᠠᠷᠢᠯᠴᠠᠬᠤ ᠬᠥᠭᠦᠷᠭᠡ ᠲᠠᠯᠪᠢᠵᠤ᠂ ᠬᠤᠶᠢᠰᠢᠳᠠ ᠶᠢᠨ ᠠᠵᠢᠯ ᠤᠨ ᠬᠠᠷᠠᠯᠲᠠ᠂ ᠰᠡᠳᠬᠢᠴᠡ ᠪᠠ ᠴᠢᠭᠯᠡᠯ ᠢ ᠤᠯᠠᠮ ᠨᠢᠭᠡ ᠠᠯᠬᠤᠮ ᠲᠣᠳᠤᠷᠬᠠᠶᠢᠯᠠᠵᠤ᠂ ᠬᠡᠷ ᠪᠦᠯᠢ᠂ ᠴᠡᠴᠡᠷᠯᠢᠭ᠂ ᠰᠤᠷᠭᠠᠭᠤᠯᠢ ᠶᠢᠨ ᠬᠤᠤᠰ ᠴᠢᠭᠯᠡᠯ ᠢᠶᠠᠷ ᠤᠷᠤᠭᠰᠢᠯᠠᠬᠤ ᠶᠢ ᠪᠡᠶᠡᠯᠡᠭᠦᠯᠵᠦ᠂ ᠬᠡᠦᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢ ᠵᠣᠯᠭᠠᠭᠤᠯᠬᠤ ᠠᠵᠢᠯ ᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠬᠤ ᠳᠤ ᠰᠠᠭᠤᠷᠢ ᠲᠠᠯᠪᠢᠵᠤ᠂ ᠥᠷᠭᠡᠨ ᠣᠯᠠᠨ ᠬᠡᠦᠬᠡᠳ ᠤᠨ ᠴᠡᠴᠡᠷᠯᠢᠭ ᠠᠴᠠ ᠰᠤᠷᠭᠠᠭᠤᠯᠢ ᠳᠤ ᠲᠣᠭᠲᠠᠭᠤᠨ ᠢᠶᠠᠷ ᠰᠢᠯᠵᠢᠬᠦ ᠶᠢ ᠬᠦᠴᠦᠲᠡᠶ ᠠᠬᠢᠭᠤᠯᠬᠤ ᠪᠣᠯᠤᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号