ᠮᠠᠨ ᠤ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠤ ᠲᠥᠯᠥᠭᠡᠯᠡᠭᠴᠢᠳ ᠤᠨ ᠰᠠᠨᠠᠯ ᠵᠥᠪᠯᠡᠯᠭᠡ ᠶᠢ ᠲᠤᠰᠢᠶᠠᠨ ᠭᠦᠢᠴᠡᠳᠬᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/3
      3 ᠰᠠᠷ᠎ᠠ ᠶᠢᠨ 19᠎ ᠤ ᠡᠳᠦᠷ᠂ ᠮᠠᠨ ᠤ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠣᠳᠠᠭᠠᠨ ᠤ ᠬᠤᠷᠠᠯᠳᠤᠭᠠᠨ ᠤ ᠲᠥᠯᠥᠭᠡᠯᠡᠭᠴᠢᠳ ᠤᠨ ᠰᠠᠨᠠᠯ ᠵᠥᠪᠯᠡᠯᠭᠡ ᠶᠢ ᠲᠤᠰᠢᠶᠠᠨ ᠭᠦᠢᠴᠡᠳᠬᠡᠬᠦ ᠬᠤᠷᠠᠯ ᠬᠤᠷᠠᠯᠳᠤᠵᠤ᠂ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠣᠳᠠᠭᠠᠨ ᠤ ᠬᠤᠷᠠᠯᠳᠤᠭᠠᠨ ᠤ ᠬᠤᠭᠤᠴᠠᠭᠠᠨ ᠎ ᠳᠤ ᠲᠥᠯᠥᠭᠡᠯᠡᠭᠴᠢᠳ ᠤᠨ ᠳᠤᠷᠠᠳᠤᠭᠰᠠᠨ ᠰᠠᠨᠠᠯ ᠵᠥᠪᠯᠡᠯᠭᠡ᠂ ᠰᠠᠨᠠᠭᠤᠯᠭ᠎ᠠ ᠶᠢ ᠲᠥᠪᠯᠡᠷᠡᠭᠦᠯᠦᠨ ᠲᠤᠰᠢᠶᠠᠨ ᠭᠦᠢᠴᠡᠳᠬᠡᠵᠡᠢ᠃        ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠦ ᠶᠠᠨ ᠬᠤᠷᠠᠯ ᠢ ᠡᠷᠭᠢᠯᠡᠵᠦ᠂ ᠳᠡᠳ᠋ ᠡᠷᠬᠢᠯᠡᠭᠴᠢ ᠰᠠᠷᠠᠨᠰᠦ᠋ᠬᠡ᠂ ᠳᠡᠳ᠋ ᠬᠤᠰᠢᠭᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠺᠧ ᠰᠢᠶᠤᠤ ᠮᠢᠩ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠯᠢᠦ ᠶᠠᠨ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠣᠳᠠᠭᠠᠨ ᠤ ᠬᠤᠷᠠᠯᠳᠤᠭᠠᠨ ᠤ ᠲᠥᠯᠥᠭᠡᠯᠡᠭᠴᠢᠳ ᠤᠨ ᠰᠠᠨᠠᠯ ᠵᠥᠪᠯᠡᠯᠭᠡ ᠶᠢ ᠲᠤᠰᠢᠶᠠᠨ ᠭᠦᠢᠴᠡᠳᠬᠡᠬᠦ ᠲᠤᠬᠠᠢ ᠲᠣᠳᠣᠷᠬᠠᠶᠢᠯᠠᠯᠲᠠ ᠬᠢᠪᠠ᠃ ᠳᠠᠷᠠᠭ᠎ᠠ ᠨᠢ ᠲᠥᠯᠥᠭᠡᠯᠡᠭᠴᠢᠳ ᠎ ᠤᠨ ᠰᠠᠨᠠᠯ ᠵᠥᠪᠯᠡᠯᠭᠡ ᠶᠢ ᠲᠤᠰᠢᠶᠠᠨ ᠭᠦᠢᠴᠡᠳᠬᠡᠬᠦ ᠶᠣᠰᠣᠯᠠᠯ ᠶᠠᠪᠤᠭᠤᠯᠵᠤ᠂ ᠰᠠᠷᠠᠨᠰᠦ᠋ᠬᠡ᠂ ᠺᠧ ᠰᠢᠶᠤᠤ ᠮᠢᠩ ᠎ ᠠᠴᠠ ᠠᠷᠠᠳ ᠤᠨ ᠲᠥᠯᠥᠭᠡᠯᠡᠭᠴᠢᠳ ᠤᠨ ᠰᠠᠨᠠᠯ ᠵᠥᠪᠯᠡᠯᠭᠡ ᠶᠢ ᠲᠤᠰᠢᠶᠠᠨ ᠭᠦᠢᠴᠡᠳᠬᠡᠬᠦ ᠪᠢᠴᠢᠭ ᠲᠤ ᠭᠠᠷ ᠤᠨ ᠦᠰᠦᠭ ᠵᠢᠷᠤᠵᠤ᠂  ᠬᠤᠰᠢᠭᠤ ᠰᠤᠷᠭᠠᠨ ᠬᠥᠮᠦᠵᠢᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠎ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠷᠢᠭᠤᠴᠠᠯᠭᠠᠲᠠᠨ ᠠᠴᠠ ᠲᠠᠰ ᠳᠠᠷᠠᠭᠠᠯᠠᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠠᠢ  ᠃      ᠬᠤᠷᠠᠯ ᠠᠴᠠ ᠵᠢᠭᠠᠬᠤ ᠳᠠᠭᠠᠨ᠂ 2023 ᠣᠨ ᠳᠤ᠂ ᠬᠤᠰᠢᠭᠤ ᠵᠠᠰᠠᠭ ᠤᠨ ᠣᠷᠳᠣᠨ ᠵᠢᠴᠢ ᠡᠯ᠎ᠡ ᠳᠠᠭᠠᠭᠠᠴᠢᠯᠠᠨ ᠭᠦᠢᠴᠡᠳᠬᠡᠬᠦ ᠨᠢᠭᠡᠴᠡ ᠨᠢ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠣᠳᠠᠭᠠᠨ ᠤ ᠬᠤᠷᠠᠯᠳᠤᠭᠠᠨ ᠳᠡᠭᠡᠷ᠎ᠡ ᠲᠥᠯᠥᠭᠡᠯᠡᠭᠴᠢᠳ ᠤᠨ ᠳᠤᠷᠠᠳᠤᠭᠰᠠᠨ ᠰᠠᠨᠠᠯ ᠵᠥᠪᠯᠡᠯᠭᠡ᠂ ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠬᠦᠨᠳᠦᠳᠬᠡᠨ ᠦᠵᠡᠵᠦ᠂ ᠨᠢᠭᠡ ᠪᠦᠯᠦᠭ ᠠᠷᠠᠳ ᠣᠯᠠᠨ ᠤ ᠲᠤᠯᠭᠠᠮ᠎ᠠ ᠠᠰᠠᠭᠤᠳᠠᠯ᠂ ᠬᠦᠴᠢᠷ ᠠᠰᠠᠭᠤᠳᠠᠯ᠂ ᠬᠦᠰᠡᠯ ᠡᠷᠡᠮᠡᠯᠵᠡᠯ ᠎ ᠤᠨ ᠠᠰᠠᠭᠤᠳᠠᠯ ᠢ ᠰᠢᠢᠳᠪᠦᠷᠢᠯᠡᠵᠦ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃  ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠎ ᠤᠨ ᠶᠡᠭᠡ ᠬᠤᠷᠠᠯ ᠤᠨ ᠭᠤᠷᠪᠠᠳᠤᠭᠠᠷ ᠣᠳᠠᠭᠠᠨ ᠤ ᠬᠤᠷᠠᠯᠳᠤᠭᠠᠨ ᠤ ᠬᠤᠭᠤᠴᠠᠭᠠᠨ ᠳᠤ᠂ ᠪᠥᠬᠦ ᠲᠥᠯᠥᠭᠡᠯᠡᠭᠴᠢᠳ ᠮᠠᠨ ᠤ ᠬᠤᠰᠢᠭᠤᠨ ᠤ 2024 ᠣᠨ ᠤ ᠬᠥᠭᠵᠢᠯᠲᠡ ᠶᠢᠨ ᠬᠠᠷᠠᠯᠲᠠ ᠪᠠ ᠠᠵᠢᠯ ᠤᠨ ᠭᠤᠤᠯᠳᠠᠯᠭ᠎ᠠ ᠶᠢᠨ ᠲᠣᠭᠤᠷᠢᠨ ᠳᠤ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠴᠤ᠂ ᠨᠡᠶᠢᠲᠡ 87 ᠬᠤᠪᠢ ᠰᠠᠨᠠᠯ ᠵᠥᠪᠯᠡᠯᠭᠡ ᠳᠤᠷᠠᠳᠴᠠᠶ ᠭᠡᠪᠡ᠃      ᠬᠤᠷᠠᠯ ᠠᠴᠠ ᠴᠢᠬᠤᠯᠠᠴᠢᠯᠠᠬᠤ ᠳᠠᠭᠠᠨ᠂ ᠨᠢᠭᠡ ᠳᠤ᠂ ᠲᠥᠯᠥᠭᠡᠯᠡᠭᠴᠢᠳ ᠤᠨ ᠰᠠᠨᠠᠭᠤᠯᠭ᠎ᠠ ᠳᠤᠷᠠᠳᠬᠤ ᠪᠣᠯᠪᠠᠰᠤᠷᠠᠯ ᠪᠠ ᠵᠢᠯᠤᠭᠤᠳᠤᠯᠭ᠎ᠠ ᠶᠢ ᠴᠢᠩᠭᠠᠳᠬᠠᠬᠤ ᠪᠠᠷ ᠳᠠᠮᠵᠢᠭᠤᠯᠵᠤ᠂ ᠲᠥᠯᠥᠭᠡᠯᠡᠭᠴᠢᠳ ᠤᠨ ᠶᠡᠷᠦᠩᠬᠡᠶᠢᠯᠡᠭᠰᠡᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠥᠯᠥᠭᠡᠯᠡᠭᠴᠢᠳ ᠎ ᠤᠨ ᠰᠠᠨᠠᠭᠤᠯᠭ᠎ᠠ ᠶᠢ ᠤᠯᠠᠨ ᠲᠦᠮᠡᠨ ᠤ ᠬᠦᠰᠡᠯ ᠰᠠᠨᠠᠭ᠎ᠠ ᠶᠢ ᠲᠤᠰᠬᠠᠬᠤ᠂ ᠨᠡᠶᠢᠭᠡᠮ ᠤᠨ ᠵᠠᠰᠠᠯᠲᠠ ᠶᠢ ᠠᠬᠢᠭᠤᠯᠬᠤ ᠴᠢᠨᠠᠷ ᠰᠠᠶᠢᠲᠠᠢ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠢ᠃ ᠬᠤᠶᠠᠷ ᠲᠤ᠂ ᠡᠯ᠎ᠡ ᠳᠠᠭᠠᠭᠠᠴᠢᠯᠠᠨ ᠰᠢᠶᠳᠪᠦᠷᠢᠯᠡᠬᠦ ᠨᠢᠭᠡᠴᠡ ᠨᠦᠭᠦᠳ ᠰᠠᠨᠠᠯ ᠵᠦᠪᠯᠡᠯᠭᠡ ᠶᠢ ᠰᠢᠶᠳᠪᠦᠷᠢᠯᠡᠬᠦ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢᠨ ᠳᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠲᠣᠭᠲᠠᠴᠠ ᠶᠢ ᠪᠦᠷᠢᠨᠰᠢᠭᠦᠯᠬᠦ᠂ ᠠᠷᠭ᠎ᠠ ᠶᠢᠨ ᠰᠢᠨ᠎ᠡ ᠶᠢ ᠡᠭᠦᠳᠬᠦ᠂ ᠳᠦᠷᠢᠮ ᠢ ᠲᠡᠭᠦᠯᠳᠡᠷᠵᠢᠭᠦᠯᠬᠦ ᠵᠡᠷᠭᠡ ᠲᠠᠯ᠎ᠠ ᠠᠴᠠ ᠭᠠᠷᠳᠠᠵᠤ᠂ ᠨᠢᠭᠤᠷᠳᠠᠨ ᠵᠥᠪᠳᠡᠯᠴᠡᠬᠦ ᠨᠣᠷᠮ᠎ᠠ ᠪᠣᠯᠤᠨ ᠰᠡᠳᠬᠢᠯ ᠬᠠᠨᠤᠮᠵᠢᠲᠠᠶ ᠪᠠᠶᠢᠬᠤ ᠨᠣᠷᠮ᠎ᠠ ᠶᠢ ᠦᠨᠡᠨᠬᠦ ᠪᠠᠲᠤᠯᠠᠵᠤ᠂ ᠰᠢᠶᠳᠪᠦᠷᠢᠯᠡᠬᠦ ᠨᠣᠷᠮ᠎ᠠ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠶ᠃ ᠭᠤᠷᠪᠠ ᠳᠤ᠂ ᠲᠥᠯᠥᠭᠡᠯᠡᠭᠴᠢᠳ ᠤᠨ ᠰᠠᠨᠠᠯ ᠵᠦᠪᠯᠡᠯᠭᠡ ᠶᠢ ᠵᠠᠳᠠᠯᠤᠨ ᠰᠤᠳᠤᠯᠬᠤ ᠪᠠᠨ ᠴᠢᠩᠭᠠᠳᠬᠠᠵᠤ᠂ ᠪᠦᠲᠦᠮᠵᠢᠲᠡᠢ ᠱᠠᠭᠠᠷᠳᠠᠨ ᠭᠦᠢᠴᠡᠳᠬᠡᠬᠦ ᠵᠠᠭᠪᠤᠷ ᠢ ᠪᠠᠲᠤᠳᠬᠠᠨ᠂ ᠱᠠᠭᠠᠷᠳᠠᠨ ᠭᠦᠢᠴᠡᠳᠬᠡᠬᠦ ᠠᠵᠢᠯ ᠤᠨ ᠵᠣᠬᠢᠴᠠᠮᠵᠢ ᠶᠢ ᠲᠡᠭᠦᠯᠳᠡᠷᠵᠢᠭᠦᠯᠵᠦ᠂ ᠱᠠᠭᠠᠷᠳᠠᠨ ᠭᠦᠢᠴᠡᠳᠬᠡᠬᠦ ᠠᠵᠢᠯ ᠤᠨ ᠠᠷᠭ᠎ᠠ ᠪᠠᠷᠢᠯ ᠎ ᠳᠤ ᠰᠢᠨ᠎ᠡ ᠶᠢ ᠡᠭᠦᠳᠦᠨ᠂ ᠱᠠᠭᠠᠷᠳᠠᠨ ᠭᠦᠢᠴᠡᠳᠬᠡᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ ᠎ ᠪᠠᠷ ᠢᠶᠠᠨ ᠲᠥᠯᠥᠭᠡᠯᠡᠭᠴᠢᠳ ᠪᠠ ᠠᠷᠠᠳ ᠣᠯᠠᠨ ᠤ ᠢᠲᠡᠭᠡᠯ ᠳᠡᠮᠵᠢᠯᠭᠡ ᠶᠢ ᠣᠯᠵᠤ᠂ ᠵᠡᠭᠦᠨ ᠦᠵᠦᠮᠦᠴᠢᠨ ᠬᠤᠰᠢᠭᠤᠨ ᠤ ᠠᠵᠤ ᠠᠬᠤᠢ ᠨᠡᠶᠢᠭᠡᠮ ᠤᠨ ᠰᠢᠨ᠎ᠡ ᠬᠥᠭᠵᠢᠯᠲᠡ ᠳᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠡᠢ᠃      ᠬᠤᠷᠠᠯ ᠳᠡᠭᠡᠷ᠎ᠡ᠂ ᠡᠯ᠎ᠡ ᠨᠢᠭᠡᠴᠢ ᠶᠢᠨ ᠬᠠᠷᠢᠭᠤᠴᠠᠯᠭᠠᠲᠠᠨ ᠠᠮᠠᠯᠠᠯᠲᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠬᠤᠯᠪᠣᠭᠳᠠᠯ ᠪᠦᠬᠦᠢ ᠳᠠᠭᠠᠭᠠᠴᠢᠯᠠᠨ ᠭᠦᠢᠴᠡᠳᠬᠡᠬᠦ ᠤᠴᠢᠷ ᠶᠠᠪᠤᠳᠠᠯ ᠢ ᠬᠦᠯᠢᠶᠠᠨ ᠠᠪᠤᠪᠠ᠃      ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ      ᠭᠡᠷ᠂ ᠡᠯ᠎ᠡ ᠠᠵᠢᠯ ᠤᠨ ᠵᠥᠪᠯᠡᠯ ᠤᠨ ᠬᠠᠷᠢᠭᠤᠴᠠᠯᠭᠠᠲᠠᠨ᠂ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠎ ᠤᠨ ᠶᠡᠭᠡ ᠬᠤᠷᠠᠯ ᠤᠨ ᠲᠡᠷᠢᠭᠦᠯᠡᠭᠴᠢ᠂ ᠬᠤᠰᠢᠭᠤ ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ  ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠴᠠᠬᠢᠯᠭᠠᠨ ᠬᠦᠴᠦᠨ ᠤ ᠺᠣᠮᠫᠠᠨᠢ ᠶᠢᠨ ᠭᠤᠤᠯ ᠬᠠᠷᠢᠭᠤᠴᠠᠯᠭᠠᠲᠠᠨ ᠨᠥᠬᠦᠳ ᠵᠢᠴᠢ ᠵᠠᠷᠢᠮ ᠠᠷᠠᠳ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号