ᠮᠠᠨ ᠤ ᠬᠤᠰᠢᠭᠤᠨ ᠤ ᠭᠤᠷᠪᠠᠳᠤᠭᠠᠷ ᠬᠤᠭᠤᠴᠭᠠᠠᠨ ᠤ ᠤᠷᠠᠨ ᠪᠢᠴᠢᠯᠭᠡ ᠶᠢᠨ ᠪᠤᠯᠪᠠᠰᠤᠷᠠᠯ ᠤᠨ ᠠᠩᠭᠢ ᠬᠢᠴᠢᠶᠡᠯ ᠡᠬᠢᠯᠡᠯ᠎ᠡ
ᠨᠡᠶᠢᠲᠡᠯᠡᠭᠰᠡᠨ ᠴᠠᠭ᠄
2024/4/3
      ᠵᠡᠭᠦᠨ ᠦᠵᠦᠮᠦᠴᠢᠨ ᠬᠤᠰᠢᠭᠤᠨ ᠤ ᠰᠢᠨ᠎ᠡ ᠴᠠᠭ ᠦᠶ᠎ᠡ ᠶᠢᠨ ᠪᠤᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠲᠥᠪ ᠪᠠ ᠰᠣᠶᠣᠯ ᠤᠨ ᠣᠷᠳᠣᠨ ᠭᠤᠣᠯᠯᠠᠨ ᠡᠷᠬᠢᠯᠡᠵᠦ᠂ ᠵᠡᠭᠦᠨ ᠦᠵᠦᠮᠦᠴᠢᠨ ᠬᠤᠰᠢᠭᠤᠨ ᠤ ᠤᠷᠠᠨ ᠵᠢᠷᠤᠭ᠂ ᠤᠷᠠᠨ ᠪᠢᠴᠢᠯᠭᠡᠳᠡᠳ ᠤᠨ ᠨᠡᠶᠢᠭᠡᠮᠯᠢᠭ ᠪᠠ ᠰᠢ ᠶᠢᠨᠵᠤᠤᠷ ᠤᠨ ︽ᠨᠡᠷᠡᠲᠤ ᠬᠦᠮᠦᠨ ᠤ ᠠᠵᠢᠯᠯᠠᠬᠤ ᠦᠷᠦᠭᠡ︾᠎ ᠠᠴᠠ ᠳᠠᠭᠠᠭᠠᠴᠢᠯᠠᠨ ᠡᠷᠬᠢᠯᠡᠭᠰᠡᠨ ᠭᠤᠷᠪᠠᠳᠤᠭᠠᠷ ᠬᠤᠭᠤᠴᠠᠭᠠᠨ ᠤ ᠤᠷᠠᠨ ᠪᠢᠴᠢᠯᠭᠡ ᠶᠢᠨ ᠪᠣᠯᠪᠠᠰᠤᠷᠠᠯ ᠤᠨ ᠠᠩᠭᠢ 3 ᠰᠠᠷ᠎ᠠ ᠶᠢᠨ 21᠎ ᠤ ᠡᠳᠦᠷ ᠬᠢᠴᠢᠶᠡᠯ ᠡᠬᠢᠯᠡᠭᠰᠡᠨ ᠪᠠᠶᠢᠨ᠎ᠠ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠠᠷᠠᠭᠤᠯᠲᠤᠶᠠᠭ᠎ᠠ ᠪᠣᠯᠣᠨ ᠰᠢᠯᠢ ᠶᠢᠨ ᠭᠤᠣᠯ ᠠᠶᠢᠮᠠᠭ ᠤᠨ ᠰᠤᠶᠤᠯ ᠤᠨ ᠣᠷᠳᠤᠨ᠂ ᠵᠡᠭᠦᠨ ᠦᠵᠦᠮᠦᠴᠢᠨ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ ᠵᠢᠴᠢ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠳ ᠪᠣᠯᠪᠠᠰᠤᠷᠠᠯ ᠤᠨ ᠠᠩᠭᠢ ᠡᠬᠢᠯᠡᠬᠦ ᠶᠣᠰᠤᠯᠠᠯ ᠳᠤ ᠣᠷᠤᠯᠴᠠᠵᠠᠢ᠃      ᠲᠣᠰ ᠤᠳᠠᠭᠠᠨ ᠤ ᠪᠣᠯᠪᠠᠰᠤᠷᠠᠯ ᠨᠢ ᠦᠷᠭᠦᠯᠵᠢ ᠶᠢᠨ ᠴᠢᠨᠠᠷᠲᠠᠢ ᠪᠠᠷ ᠣᠷᠠᠨ ᠪᠢᠴᠢᠯᠭᠡ ᠳᠤ ᠳᠤᠷ᠎ᠠ ᠪᠠᠬ᠎ᠠ ᠎ ᠲᠠᠢ᠂ ᠤᠷᠠᠨ ᠪᠢᠴᠢᠯᠭᠡ ᠰᠤᠷᠤᠯᠴᠠᠬᠤ ᠬᠦᠰᠡᠯ ᠲᠠᠢ ᠦᠢ ᠣᠯᠠᠨ ᠬᠦᠮᠦᠰ ᠲᠤ ᠦᠢᠯᠡᠴᠢᠯᠡᠵᠦ᠂ ᠭᠠᠷᠠᠭ ᠤᠨ        ᠨᠢᠭᠡᠨ᠂ ᠭᠤᠷᠪᠠᠨ᠂ ᠳᠥᠷᠪᠡᠨ ᠤ ᠡᠳᠦᠷ ᠮᠤᠩᠭᠤᠯ ᠤᠷᠠᠨ ᠪᠢᠴᠢᠯᠭᠡ ᠶᠢᠨ ᠬᠢᠴᠢᠶᠡᠯ ᠵᠢᠭᠠᠵᠦ᠂ ᠰᠢ ᠶᠢᠨᠵᠤᠤᠷ᠂ ᠰᠦᠩ ᠢᠦᠢ ᠱᠠᠨ᠂ ᠳᠠᠪᠰᠢᠯᠲᠤ ᠵᠡᠷᠭᠡ ᠨᠡᠷᠡᠲᠤ ᠪᠠᠭᠰᠢ ᠠᠴᠠ ᠬᠢᠴᠢᠶᠡᠯᠯᠡᠨ᠂ ᠭᠠᠷᠠᠭ ᠤᠨ ᠬᠤᠶᠠᠷ ᠪᠠ ᠭᠠᠷᠠᠭ ᠤᠨ ᠲᠠᠪᠤᠨ ᠤ ᠡᠳᠦᠷ ᠬᠢᠲᠠᠳ ᠤᠷᠠᠨ ᠪᠢᠴᠢᠯᠭᠡ ᠶᠢᠨ ᠬᠢᠴᠢᠶᠡᠯ ᠪᠡᠯᠡᠳᠬᠡᠵᠦ᠂ ᠯᠢ ᠭᠠᠩ᠂ ᠰᠢᠩ ᠽᠧ ᠹᠧᠩ᠂ ᠪᠠᠶᠠᠷ ᠵᠡᠷᠭᠡ ᠪᠠᠭᠰᠢ ᠨᠠᠷ ᠢ ᠤᠷᠢᠵᠦ ᠬᠢᠴᠢᠶᠡᠯᠯᠡᠭᠦᠯᠬᠦ ᠪᠠᠷ ᠪᠠᠶᠢᠨ᠎ᠠ᠃      ᠠᠬᠤᠢ ᠲᠠᠯᠠᠪᠠᠢ ᠳᠤ᠂ ᠤᠷᠠᠨ ᠪᠢᠴᠢᠯᠭᠡ ᠶᠢᠨ ᠪᠠᠭ᠋ᠠᠲᠤᠳ  ᠪᠡᠶ᠎ᠡ ᠳᠠᠭᠠᠭᠠᠭᠰᠠᠨ ᠬᠠᠷᠠᠭᠠᠨ ᠤ ᠤᠷᠠᠯᠢᠭ ᠪᠣᠯᠬᠤ ᠤᠷᠠᠨ ᠪᠢᠴᠢᠯᠭᠡ ᠪᠠᠨ ᠬᠢᠴᠢᠶᠡᠩᠭᠦᠶᠢᠯᠡᠨ ᠪᠢᠴᠢᠵᠦ ᠶᠠᠭᠠᠷᠠᠯᠳᠤᠨ᠎ᠠ᠃ ᠤᠷᠠᠨ ᠪᠢᠴᠢᠯᠭᠡ ᠶᠢᠨ ᠪᠠᠭᠰᠢ ᠠᠴᠠ ᠪᠢᠷ ᠬᠡᠷᠡᠭᠯᠡᠬᠦ᠂ ᠪᠡᠬᠡᠰ ᠵᠢᠷᠤᠬᠤ᠂ ᠵᠢᠷᠤᠯᠭ᠎ᠠ ᠶᠢᠨ ᠵᠣᠬᠢᠶᠠᠮᠵᠢ᠂ ᠪᠢᠴᠢᠯᠭᠡ ᠶᠢᠨ ᠤᠬᠠᠭᠠᠮᠵᠢ ᠵᠡᠷᠭᠡ ᠶᠢ ᠤᠷᠠᠯᠢᠭᠵᠢᠭᠤᠯᠤᠨ ᠵᠢᠭᠠᠨ᠎ᠠ᠃   ᠤᠷᠠᠨ ᠪᠢᠴᠢᠯᠭᠡ ᠪᠣᠯ ᠵᠢᠷᠤᠭᠠᠰᠤᠨ ᠤ ᠰᠠᠶᠢᠬᠠᠨ ᠢᠶᠠᠷ ᠪᠦᠷᠢᠯᠳᠦᠭᠰᠡᠨ ᠵᠣᠬᠢᠴᠠᠩᠭᠤᠢ᠂ ᠲᠤᠭᠲᠠᠩᠭᠤᠢ᠂ ᠤᠶᠠᠨ ᠬᠠᠳᠠᠨ ᠠᠲᠠᠯ᠎ᠠ ᠪᠠᠨ ᠢᠳᠡᠯᠢᠭ ᠠᠮᠢᠳᠤᠯᠢᠭ ᠤᠷᠠᠯᠢᠭ ᠤᠨ ᠬᠡᠯᠪᠡᠷᠢ ᠪᠣᠯᠬᠤ ᠶᠤᠮ᠃ ᠡᠨᠡ ᠬᠦ ᠤᠷᠠᠯᠢᠭ ᠪᠣᠯᠬᠤ ᠤᠷᠠᠨ ᠪᠢᠴᠢᠯᠭᠡ ᠶᠢ ᠤᠯᠠᠮᠵᠢᠯᠠᠨ ᠬᠦᠭᠵᠢᠭᠦᠯᠵᠦ᠂ ᠨᠡᠩ ᠤᠯᠠᠨ ᠤᠷᠠᠨ ᠪᠢᠴᠢᠯᠭᠡ ᠳᠤ ᠳᠤᠷ᠎ᠠ ᠪᠠᠬ᠎ᠠ ᠲᠠᠢ ᠬᠦᠮᠦᠰ ᠲᠤ ᠰᠠᠶᠢᠨ ᠰᠠᠶᠢᠬᠠᠨ ᠰᠤᠷᠤᠯᠴᠠᠬᠤ ᠤᠷᠴᠢᠨ ᠲᠤᠭᠤᠷᠢᠨ ᠢ ᠬᠠᠩᠭᠠᠨ ᠥᠭᠬᠦ ᠨᠢ ᠲᠣᠰ ᠤᠳᠠᠭᠠᠨ ᠤ ᠠᠵᠢᠯᠯᠠᠭᠠᠨ ᠤ ᠵᠣᠷᠢᠯᠭ᠎ᠠ ᠪᠢᠯᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号