ᠮᠠᠨ ᠤ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠤ ᠲᠥᠯᠥᠭᠡᠯᠡᠭᠴᠢᠳ ᠤᠨ ᠰᠠᠨᠠᠯ ᠵᠥᠪᠯᠡᠯᠭᠡ ᠶᠢ ᠲᠤᠰᠢᠶᠠᠨ ᠭᠦᠢᠴᠡᠳᠬᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/3
      3 ᠰᠠᠷ᠎ᠠ ᠶᠢᠨ 19 ᠤ ᠡᠳᠦᠷ᠂ ᠮᠠᠨ ᠤ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠣᠳᠠᠭᠠᠨ ᠤ ᠬᠤᠷᠠᠯᠳᠤᠭᠠᠨ ᠤ ᠲᠥᠯᠥᠭᠡᠯᠡᠭᠴᠢᠳ ᠤᠨ ᠰᠠᠨᠠᠯ ᠵᠥᠪᠯᠡᠯᠭᠡ ᠶᠢ ᠲᠤᠰᠢᠶᠠᠨ ᠭᠦᠢᠴᠡᠳᠬᠡᠬᠦ ᠬᠤᠷᠠᠯ ᠬᠤᠷᠠᠯᠳᠤᠵᠤ᠂ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠣᠳᠠᠭᠠᠨ ᠤ ᠬᠤᠷᠠᠯᠳᠤᠭᠠᠨ ᠤ ᠬᠤᠭᠤᠴᠠᠭᠠᠨ  ᠳᠤ ᠲᠥᠯᠥᠭᠡᠯᠡᠭᠴᠢᠳ ᠤᠨ ᠳᠤᠷᠠᠳᠤᠭᠰᠠᠨ ᠰᠠᠨᠠᠯ ᠵᠥᠪᠯᠡᠯᠭᠡ᠂ ᠰᠠᠨᠠᠭᠤᠯᠭ᠎ᠠ ᠶᠢ ᠲᠥᠪᠯᠡᠷᠡᠭᠦᠯᠦᠨ ᠲᠤᠰᠢᠶᠠᠨ ᠭᠦᠢᠴᠡᠳᠬᠡᠵᠡᠢ᠃        ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠦ ᠶᠠᠨ ᠬᠤᠷᠠᠯ ᠢ ᠡᠷᠭᠢᠯᠡᠵᠦ᠂ ᠳᠡᠳ᠋ ᠡᠷᠬᠢᠯᠡᠭᠴᠢ ᠰᠠᠷᠠᠨᠰᠦ᠋ᠬᠡ᠂ ᠳᠡᠳ᠋ ᠬᠤᠰᠢᠭᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠺᠧ ᠰᠢᠶᠤᠤ ᠮᠢᠩ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠯᠢᠦ ᠶᠠᠨ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠣᠳᠠᠭᠠᠨ ᠤ ᠬᠤᠷᠠᠯᠳᠤᠭᠠᠨ ᠤ ᠲᠥᠯᠥᠭᠡᠯᠡᠭᠴᠢᠳ ᠤᠨ ᠰᠠᠨᠠᠯ ᠵᠥᠪᠯᠡᠯᠭᠡ ᠶᠢ ᠲᠤᠰᠢᠶᠠᠨ ᠭᠦᠢᠴᠡᠳᠬᠡᠬᠦ ᠲᠤᠬᠠᠢ ᠲᠣᠳᠣᠷᠬᠠᠶᠢᠯᠠᠯᠲᠠ ᠬᠢᠪᠠ᠃ ᠳᠠᠷᠠᠭ᠎ᠠ ᠨᠢ ᠲᠥᠯᠥᠭᠡᠯᠡᠭᠴᠢᠳ  ᠤᠨ ᠰᠠᠨᠠᠯ ᠵᠥᠪᠯᠡᠯᠭᠡ ᠶᠢ ᠲᠤᠰᠢᠶᠠᠨ ᠭᠦᠢᠴᠡᠳᠬᠡᠬᠦ ᠶᠣᠰᠣᠯᠠᠯ ᠶᠠᠪᠤᠭᠤᠯᠵᠤ᠂ ᠰᠠᠷᠠᠨᠰᠦ᠋ᠬᠡ᠂ ᠺᠧ ᠰᠢᠶᠤᠤ ᠮᠢᠩ  ᠠᠴᠠ ᠠᠷᠠᠳ ᠤᠨ ᠲᠥᠯᠥᠭᠡᠯᠡᠭᠴᠢᠳ ᠤᠨ ᠰᠠᠨᠠᠯ ᠵᠥᠪᠯᠡᠯᠭᠡ ᠶᠢ ᠲᠤᠰᠢᠶᠠᠨ ᠭᠦᠢᠴᠡᠳᠬᠡᠬᠦ ᠪᠢᠴᠢᠭ ᠲᠤ ᠭᠠᠷ ᠤᠨ ᠦᠰᠦᠭ ᠵᠢᠷᠤᠵᠤ᠂  ᠬᠤᠰᠢᠭᠤ ᠰᠤᠷᠭᠠᠨ ᠬᠥᠮᠦᠵᠢᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ  ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠷᠢᠭᠤᠴᠠᠯᠭᠠᠲᠠᠨ ᠠᠴᠠ ᠲᠠᠰ ᠳᠠᠷᠠᠭᠠᠯᠠᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠠᠢ  ᠃      ᠬᠤᠷᠠᠯ ᠠᠴᠠ ᠵᠢᠭᠠᠬᠤ ᠳᠠᠭᠠᠨ᠂ 2023 ᠣᠨ ᠳᠤ᠂ ᠬᠤᠰᠢᠭᠤ ᠵᠠᠰᠠᠭ ᠤᠨ ᠣᠷᠳᠣᠨ ᠵᠢᠴᠢ ᠡᠯ᠎ᠡ ᠳᠠᠭᠠᠭᠠᠴᠢᠯᠠᠨ ᠭᠦᠢᠴᠡᠳᠬᠡᠬᠦ ᠨᠢᠭᠡᠴᠡ ᠨᠢ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠣᠳᠠᠭᠠᠨ ᠤ ᠬᠤᠷᠠᠯᠳᠤᠭᠠᠨ ᠳᠡᠭᠡᠷ᠎ᠡ ᠲᠥᠯᠥᠭᠡᠯᠡᠭᠴᠢᠳ ᠤᠨ ᠳᠤᠷᠠᠳᠤᠭᠰᠠᠨ ᠰᠠᠨᠠᠯ ᠵᠥᠪᠯᠡᠯᠭᠡ᠂ ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠬᠦᠨᠳᠦᠳᠬᠡᠨ ᠦᠵᠡᠵᠦ᠂ ᠨᠢᠭᠡ ᠪᠦᠯᠦᠭ ᠠᠷᠠᠳ ᠣᠯᠠᠨ ᠤ ᠲᠤᠯᠭᠠᠮ᠎ᠠ ᠠᠰᠠᠭᠤᠳᠠᠯ᠂ ᠬᠦᠴᠢᠷ ᠠᠰᠠᠭᠤᠳᠠᠯ᠂ ᠬᠦᠰᠡᠯ ᠡᠷᠡᠮᠡᠯᠵᠡᠯ  ᠤᠨ ᠠᠰᠠᠭᠤᠳᠠᠯ ᠢ ᠰᠢᠢᠳᠪᠦᠷᠢᠯᠡᠵᠦ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃  ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠭᠤᠷᠪᠠᠳᠤᠭᠠᠷ ᠣᠳᠠᠭᠠᠨ ᠤ ᠬᠤᠷᠠᠯᠳᠤᠭᠠᠨ ᠤ ᠬᠤᠭᠤᠴᠠᠭᠠᠨ ᠳᠤ᠂ ᠪᠥᠬᠦ ᠲᠥᠯᠥᠭᠡᠯᠡᠭᠴᠢᠳ ᠮᠠᠨ ᠤ ᠬᠤᠰᠢᠭᠤᠨ ᠤ 2024 ᠣᠨ ᠤ ᠬᠥᠭᠵᠢᠯᠲᠡ ᠶᠢᠨ ᠬᠠᠷᠠᠯᠲᠠ ᠪᠠ ᠠᠵᠢᠯ ᠤᠨ ᠭᠤᠤᠯᠳᠠᠯᠭ᠎ᠠ ᠶᠢᠨ ᠲᠣᠭᠤᠷᠢᠨ ᠳᠤ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠴᠤ᠂ ᠨᠡᠶᠢᠲᠡ 87 ᠬᠤᠪᠢ ᠰᠠᠨᠠᠯ ᠵᠥᠪᠯᠡᠯᠭᠡ ᠳᠤᠷᠠᠳᠴᠠᠶ ᠭᠡᠪᠡ᠃      ᠬᠤᠷᠠᠯ ᠠᠴᠠ ᠴᠢᠬᠤᠯᠠᠴᠢᠯᠠᠬᠤ ᠳᠠᠭᠠᠨ᠂ ᠨᠢᠭᠡ ᠳᠤ᠂ ᠲᠥᠯᠥᠭᠡᠯᠡᠭᠴᠢᠳ ᠤᠨ ᠰᠠᠨᠠᠭᠤᠯᠭ᠎ᠠ ᠳᠤᠷᠠᠳᠬᠤ ᠪᠣᠯᠪᠠᠰᠤᠷᠠᠯ ᠪᠠ ᠵᠢᠯᠤᠭᠤᠳᠤᠯᠭ᠎ᠠ ᠶᠢ ᠴᠢᠩᠭᠠᠳᠬᠠᠬᠤ ᠪᠠᠷ ᠳᠠᠮᠵᠢᠭᠤᠯᠵᠤ᠂ ᠲᠥᠯᠥᠭᠡᠯᠡᠭᠴᠢᠳ ᠤᠨ ᠶᠡᠷᠦᠩᠬᠡᠶᠢᠯᠡᠭᠰᠡᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠥᠯᠥᠭᠡᠯᠡᠭᠴᠢᠳ  ᠤᠨ ᠰᠠᠨᠠᠭᠤᠯᠭ᠎ᠠ ᠶᠢ ᠤᠯᠠᠨ ᠲᠦᠮᠡᠨ ᠤ ᠬᠦᠰᠡᠯ ᠰᠠᠨᠠᠭ᠎ᠠ ᠶᠢ ᠲᠤᠰᠬᠠᠬᠤ᠂ ᠨᠡᠶᠢᠭᠡᠮ ᠤᠨ ᠵᠠᠰᠠᠯᠲᠠ ᠶᠢ ᠠᠬᠢᠭᠤᠯᠬᠤ ᠴᠢᠨᠠᠷ ᠰᠠᠶᠢᠲᠠᠢ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠢ᠃ ᠬᠤᠶᠠᠷ ᠲᠤ᠂ ᠡᠯ᠎ᠡ ᠳᠠᠭᠠᠭᠠᠴᠢᠯᠠᠨ ᠰᠢᠶᠳᠪᠦᠷᠢᠯᠡᠬᠦ ᠨᠢᠭᠡᠴᠡ ᠨᠦᠭᠦᠳ ᠰᠠᠨᠠᠯ ᠵᠦᠪᠯᠡᠯᠭᠡ ᠶᠢ ᠰᠢᠶᠳᠪᠦᠷᠢᠯᠡᠬᠦ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢᠨ ᠳᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠲᠣᠭᠲᠠᠴᠠ ᠶᠢ ᠪᠦᠷᠢᠨᠰᠢᠭᠦᠯᠬᠦ᠂ ᠠᠷᠭ᠎ᠠ ᠶᠢᠨ ᠰᠢᠨ᠎ᠡ ᠶᠢ ᠡᠭᠦᠳᠬᠦ᠂ ᠳᠦᠷᠢᠮ ᠢ ᠲᠡᠭᠦᠯᠳᠡᠷᠵᠢᠭᠦᠯᠬᠦ ᠵᠡᠷᠭᠡ ᠲᠠᠯ᠎ᠠ ᠠᠴᠠ ᠭᠠᠷᠳᠠᠵᠤ᠂ ᠨᠢᠭᠤᠷᠳᠠᠨ ᠵᠥᠪᠳᠡᠯᠴᠡᠬᠦ ᠨᠣᠷᠮ᠎ᠠ ᠪᠣᠯᠤᠨ ᠰᠡᠳᠬᠢᠯ ᠬᠠᠨᠤᠮᠵᠢᠲᠠᠶ ᠪᠠᠶᠢᠬᠤ ᠨᠣᠷᠮ᠎ᠠ ᠶᠢ ᠦᠨᠡᠨᠬᠦ ᠪᠠᠲᠤᠯᠠᠵᠤ᠂ ᠰᠢᠶᠳᠪᠦᠷᠢᠯᠡᠬᠦ ᠨᠣᠷᠮ᠎ᠠ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠶ᠃ ᠭᠤᠷᠪᠠ ᠳᠤ᠂ ᠲᠥᠯᠥᠭᠡᠯᠡᠭᠴᠢᠳ ᠤᠨ ᠰᠠᠨᠠᠯ ᠵᠦᠪᠯᠡᠯᠭᠡ ᠶᠢ ᠵᠠᠳᠠᠯᠤᠨ ᠰᠤᠳᠤᠯᠬᠤ ᠪᠠᠨ ᠴᠢᠩᠭᠠᠳᠬᠠᠵᠤ᠂ ᠪᠦᠲᠦᠮᠵᠢᠲᠡᠢ ᠱᠠᠭᠠᠷᠳᠠᠨ ᠭᠦᠢᠴᠡᠳᠬᠡᠬᠦ ᠵᠠᠭᠪᠤᠷ ᠢ ᠪᠠᠲᠤᠳᠬᠠᠨ᠂ ᠱᠠᠭᠠᠷᠳᠠᠨ ᠭᠦᠢᠴᠡᠳᠬᠡᠬᠦ ᠠᠵᠢᠯ ᠤᠨ ᠵᠣᠬᠢᠴᠠᠮᠵᠢ ᠶᠢ ᠲᠡᠭᠦᠯᠳᠡᠷᠵᠢᠭᠦᠯᠵᠦ᠂ ᠱᠠᠭᠠᠷᠳᠠᠨ ᠭᠦᠢᠴᠡᠳᠬᠡᠬᠦ ᠠᠵᠢᠯ ᠤᠨ ᠠᠷᠭ᠎ᠠ ᠪᠠᠷᠢᠯ  ᠳᠤ ᠰᠢᠨ᠎ᠡ ᠶᠢ ᠡᠭᠦᠳᠦᠨ᠂ ᠱᠠᠭᠠᠷᠳᠠᠨ ᠭᠦᠢᠴᠡᠳᠬᠡᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ  ᠪᠠᠷ ᠢᠶᠠᠨ ᠲᠥᠯᠥᠭᠡᠯᠡᠭᠴᠢᠳ ᠪᠠ ᠠᠷᠠᠳ ᠣᠯᠠᠨ ᠤ ᠢᠲᠡᠭᠡᠯ ᠳᠡᠮᠵᠢᠯᠭᠡ ᠶᠢ ᠣᠯᠵᠤ᠂ ᠵᠡᠭᠦᠨ ᠦᠵᠦᠮᠦᠴᠢᠨ ᠬᠤᠰᠢᠭᠤᠨ ᠤ ᠠᠵᠤ ᠠᠬᠤᠢ ᠨᠡᠶᠢᠭᠡᠮ ᠤᠨ ᠰᠢᠨ᠎ᠡ ᠬᠥᠭᠵᠢᠯᠲᠡ ᠳᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠡᠢ᠃      ᠬᠤᠷᠠᠯ ᠳᠡᠭᠡᠷ᠎ᠡ᠂ ᠡᠯ᠎ᠡ ᠨᠢᠭᠡᠴᠢ ᠶᠢᠨ ᠬᠠᠷᠢᠭᠤᠴᠠᠯᠭᠠᠲᠠᠨ ᠠᠮᠠᠯᠠᠯᠲᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠬᠤᠯᠪᠣᠭᠳᠠᠯ ᠪᠦᠬᠦᠢ ᠳᠠᠭᠠᠭᠠᠴᠢᠯᠠᠨ ᠭᠦᠢᠴᠡᠳᠬᠡᠬᠦ ᠤᠴᠢᠷ ᠶᠠᠪᠤᠳᠠᠯ ᠢ ᠬᠦᠯᠢᠶᠠᠨ ᠠᠪᠤᠪᠠ᠃      ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ      ᠭᠡᠷ᠂ ᠡᠯ᠎ᠡ ᠠᠵᠢᠯ ᠤᠨ ᠵᠥᠪᠯᠡᠯ ᠤᠨ ᠬᠠᠷᠢᠭᠤᠴᠠᠯᠭᠠᠲᠠᠨ᠂ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠲᠡᠷᠢᠭᠦᠯᠡᠭᠴᠢ᠂ ᠬᠤᠰᠢᠭᠤ ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ  ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠴᠠᠬᠢᠯᠭᠠᠨ ᠬᠦᠴᠦᠨ ᠤ ᠺᠣᠮᠫᠠᠨᠢ ᠶᠢᠨ ᠭᠤᠤᠯ ᠬᠠᠷᠢᠭᠤᠴᠠᠯᠭᠠᠲᠠᠨ ᠨᠥᠬᠦᠳ ᠵᠢᠴᠢ ᠵᠠᠷᠢᠮ ᠠᠷᠠᠳ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号