ᠪᠥᠬᠦ ᠬᠤᠰᠢᠭᠤᠨ ᠤ ᠡᠮᠡᠭᠲᠡᠶ ᠠᠵᠢᠯᠴᠢᠨ ᠠᠵᠢᠯᠲᠠᠨ ᠤ ᠢᠷᠠᠭᠤ ᠤᠶᠠᠩᠭᠠᠯᠠᠯ ᠤᠨ ᠤᠷᠤᠯᠳᠤᠭᠠᠨ ᠶᠠᠪᠤᠭᠳᠠᠪᠠ
ᠨᠡᠶᠢᠲᠡᠯᠡᠭᠰᠡᠨ ᠴᠠᠭ᠄
2024/4/3
      3 ᠰᠠᠷ᠎ᠠ ᠶᠢᠨ 20 ᠤ ᠡᠳᠦᠷ᠂ ᠮᠠᠨ ᠤ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠠᠴᠠ ᠭᠤᠤᠯᠯᠠᠨ ᠡᠷᠭᠢᠯᠡᠭᠰᠡᠨ ︽ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠲᠠᠭᠠᠨ ᠤᠷᠤᠭᠰᠢᠯᠠᠬᠤ ᠪᠢᠴᠢᠭ ᠤᠨ ᠰᠤᠷᠪᠤᠯᠵᠢᠲᠤ ᠠᠴᠠ ᠴᠡᠴᠡᠭ ᠤᠨ ᠦᠨᠦᠷ ᠬᠠᠩᠬᠤᠯᠤᠵᠤ᠂ ᠪᠢᠷ ᠤᠨ ᠦᠵᠦᠭ ᠠᠴᠠ ᠰᠢᠯᠦᠭ ᠤᠨ ᠰᠤᠨᠤᠷ ᠴᠤᠤᠷᠢᠶᠠᠳᠤᠨ᠎ᠠ︾  ᠪᠥᠬᠦ ᠬᠤᠰᠢᠭᠤᠨ ᠤ ᠡᠮᠡᠭᠲᠡᠶ ᠠᠵᠢᠯᠴᠢᠨ ᠠᠵᠢᠯᠲᠠᠨ ᠤ ᠢᠷᠠᠭᠤ ᠤᠶᠠᠩᠭᠠᠯᠠᠯ ᠤᠨ ᠤᠷᠤᠯᠳᠤᠭᠠᠨ ᠤᠯᠠᠭᠠᠨᠮᠥ᠋ᠴᠢᠷ ᠤᠨ ᠤᠯᠠᠨ ᠴᠢᠳᠠᠮᠵᠢᠳᠤ ᠮᠡᠳᠡᠭᠦᠯᠦᠯᠲᠡ ᠶᠢᠨ  ᠲᠢᠩᠬᠢᠮ ᠳᠤ ᠶᠠᠪᠤᠭᠳᠠᠪᠠ᠃      ᠠᠵᠢᠯᠯᠠᠭ᠎ᠠ ᠳᠤ᠂ ᠪᠥᠬᠦ ᠬᠤᠰᠢᠭᠤᠨ ᠤ ᠡᠯ᠎ᠡ ᠠᠵᠢᠯ ᠲᠥᠷᠥᠯ᠂ ᠨᠢᠭᠡᠴᠡ᠂ ᠰᠠᠯᠠᠭ᠎ᠠ ᠮᠦᠴᠢᠷ ᠠᠴᠠ ᠬᠦᠷᠦᠯᠴᠡᠨ ᠢᠷᠡᠭᠰᠡᠨ 26 ᠡᠮᠡᠭᠲᠡᠶ ᠠᠵᠢᠯᠴᠢᠨ ᠠᠵᠢᠯᠲᠠᠨ ᠤᠷᠤᠯᠴᠠᠵᠤ᠂ ᠲᠠᠳᠠ ᠣᠷᠭᠢᠯᠤᠮ᠎ᠠ ᠬᠠᠯᠠᠭᠤᠨ ᠰᠡᠳᠬᠢᠯᠭᠡ ᠪᠠ ᠢᠷᠠᠭᠤ ᠰᠠᠶᠢᠬᠠᠨ ᠦᠭᠡ ᠬᠡᠯᠡ ᠪᠠᠷ ᠤᠷᠠᠨ ᠤᠩᠰᠢᠯᠭ᠎ᠠ ᠶᠢᠨ ᠤᠷᠠᠯᠢᠭ ᠤᠨ ᠷᠢᠳᠢ ᠰᠢᠳᠢ ᠶᠢ ᠭᠠᠶᠢᠬᠠᠭᠤᠯᠵᠤ᠂ ᠨᠠᠮ ᠢᠶᠠᠨ ᠮᠠᠭᠲᠠᠨ ᠳᠠᠭᠤᠯᠠᠵᠤ᠂ ᠡᠬᠡ ᠤᠯᠤᠰ ᠢᠶᠠᠨ ᠮᠠᠭᠲᠠᠨ ᠳᠠᠭᠤᠯᠠᠵᠤ᠂ ᠡᠮᠡᠭᠲᠡᠶᠢᠴᠦᠳ ᠢ ᠮᠠᠭᠲᠠᠨ ᠳᠠᠭᠤᠯᠠᠵᠤ᠂ ᠠᠮᠢᠳᠤᠷᠠᠯ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠪᠠᠨ ᠢᠯᠡᠳᠬᠡᠵᠦ᠂ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠥᠪᠡᠷᠮᠢᠴᠡ ᠬᠡᠪ ᠨᠠᠮᠪᠠ ᠶᠢ ᠢᠯᠡᠷᠡᠭᠦᠯᠵᠦ᠂ ᠰᠢᠨ᠎ᠡ ᠠᠶᠠᠨ ᠳᠠᠭᠠᠨ ᠭᠠᠷ ᠬᠤᠯᠪᠣᠨ ᠡᠷᠡᠮᠡᠬᠡᠶᠢᠯᠡᠨ ᠤᠷᠤᠭᠰᠢᠯᠠᠬᠤ ᠡᠷᠴᠢ ᠵᠣᠷᠢᠭ ᠪᠠ ᠬᠦᠴᠦᠨ ᠴᠢᠳᠠᠯ ᠢ ᠢᠯᠡᠷᠡᠭᠦᠯᠵᠦ᠂ ᠡᠮᠡᠭᠲᠡᠶᠢᠴᠦᠳ ᠤᠨ ᠬᠦᠴᠦᠨ ᠴᠢᠳᠠᠯ ᠢ ᠮᠡᠳᠡᠷᠡᠭᠦᠯᠵᠡᠢ᠃      ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ ᠠᠵᠢᠯᠯᠠᠭ᠎ᠠ ᠳᠤ ᠨᠢᠭᠡᠳᠦᠭᠡᠷ ᠳᠡᠰ ᠤᠨ ᠱᠠᠩᠨᠠᠯ ᠨᠢᠭᠡ ᠨᠡᠷ᠎ᠡ᠂ ᠬᠤᠶᠠᠳᠤᠭᠠᠷ ᠳᠡᠰ ᠤᠨ ᠱᠠᠩᠨᠠᠯ ᠬᠤᠶᠠᠷ ᠨᠡᠷ᠎ᠡ᠂ ᠭᠤᠷᠪᠠᠳᠤᠭᠠᠷ ᠳᠡᠰ ᠤᠨ ᠱᠠᠩᠨᠠᠯ ᠭᠤᠷᠪᠠᠨ ᠨᠡᠷ᠎ᠡ ᠪᠠ ᠰᠢᠯᠢᠳᠡᠭ ᠱᠠᠩᠨᠠᠯ ᠢ ᠰᠢᠯᠭᠠᠷᠠᠭᠤᠯᠪᠠ᠃ ᠤᠷᠤᠯᠳᠤᠭᠠᠨ ᠳᠤ ᠣᠷᠣᠯᠴᠠᠭᠰᠠᠳ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ ᠡᠮᠡᠭᠲᠡᠶ ᠠᠵᠢᠯᠴᠢᠨ ᠠᠵᠢᠯᠲᠠᠨ ᠤ ᠢᠳᠡᠪᠬᠢᠲᠡᠶ ᠪᠠᠷ ᠥᠭᠡᠳᠡᠯᠡᠨ ᠳᠠᠪᠰᠢᠬᠤ᠂ ᠬᠦᠴᠦᠯᠡᠨ ᠴᠢᠷᠮᠠᠶᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠶᠴᠡᠳ ᠢᠯᠡᠷᠡᠭᠦᠯᠦᠭᠰᠡᠨ ᠢᠶᠠᠷ ᠪᠠᠷᠠᠬᠤ       ᠥᠬᠡᠶ᠂ ᠨᠠᠩ ᠴᠤ ᠪᠥᠬᠦ ᠬᠤᠰᠢᠭᠤᠨ ᠤ ᠥᠷᠭᠡᠨ ᠣᠯᠠᠨ ᠡᠮᠡᠭᠲᠡᠶᠢᠴᠦᠳ ᠤᠨ ᠥᠪᠡᠷ ᠢ ᠪᠠᠨ ᠬᠦᠨᠳᠦᠳᠬᠡᠬᠦ᠂ ᠥᠪᠡᠷ ᠢ ᠪᠠᠨ ᠢᠲᠡᠭᠡᠬᠦ᠂ ᠪᠡᠶ᠎ᠡ ᠪᠠᠨ ᠳᠠᠭᠠᠭᠠᠬᠤ᠂ ᠥᠪᠡᠷ ᠢ ᠪᠠᠨ ᠬᠦᠴᠦᠷᠬᠡᠭᠵᠢᠭᠦᠯᠬᠦ ᠴᠠᠭ ᠦᠶ᠎ᠡ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠬᠤ ᠶᠢ ᠵᠣᠷᠢᠭᠵᠢᠭᠤᠯᠤᠭᠰᠠᠨ ᠪᠠᠶᠢᠨ᠎ᠠ᠃ ᠬᠤᠶᠢᠰᠢᠳᠠ ᠶᠢᠨ ᠠᠵᠢᠯ ᠳᠠᠭᠠᠨ᠂ ᠡᠨᠡ ᠬᠦ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ︽ᠲᠥᠷᠥ ᠶᠢᠨ ᠬᠠᠭᠠᠰ ᠲᠤᠯᠭᠠᠭᠤᠷᠢ︾ ᠶᠢᠨ ᠨᠠᠩ ᠭᠤᠶᠢᠳᠠ ᠰᠠᠶᠢᠬᠠᠨ ᠬᠠᠭᠤᠳᠠᠰᠤ ᠶᠢ ᠬᠠᠮᠲᠤ ᠪᠠᠷ ᠪᠢᠴᠢᠭᠯᠡᠵᠦ᠂ ᠵᠡᠭᠦᠨ ᠦᠵᠦᠮᠦᠴᠢᠨ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠡᠮᠡᠭᠲᠡᠶᠢᠴᠦᠳ ᠤᠨ ᠬᠦᠴᠦᠨ ᠴᠢᠳᠠᠯ ᠢᠶᠠᠨ  ᠡᠷᠭᠦᠨ᠎ᠡ ᠭᠡᠵᠡᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号