ᠠᠷᠢᠬᠢ ᠤᠤᠭᠤᠭᠰᠠᠳ ᠤᠨ ᠡᠯᠢᠭᠡ ᠪᠠᠨ ᠬᠠᠮᠠᠭᠠᠯᠠᠬᠤ ᠠᠷᠭ᠎ᠠ
ᠨᠡᠶᠢᠲᠡᠯᠡᠭᠰᠡᠨ ᠴᠠᠭ᠄
2024/4/3
      ᠠᠷᠢᠬᠢ ᠤᠤᠭᠤᠬᠤ ᠨᠢ ᠨᠡᠶᠢᠭᠡᠮ ᠤᠨ ᠬᠠᠷᠢᠯᠴᠠᠭᠠᠨ ᠤ ᠴᠢᠬᠤᠯᠠ ᠨᠢᠭᠡᠨ ᠬᠡᠯᠪᠡᠷᠢ ᠪᠣᠯᠬᠤ ᠶᠤᠮ᠃ ᠭᠡᠪᠡᠴᠦ ᠬᠡᠲᠦᠷᠡᠲᠡᠯ᠎ᠡ ᠨᠢ ᠤᠤᠭᠤᠬᠤ ᠨᠢ ᠪᠡᠶᠡᠨ ᠳᠤ ᠬᠤᠣᠷᠲᠠᠢ᠃ ᠲᠡᠭᠡᠪᠡᠯ ᠠᠷᠢᠬᠢ ᠤᠤᠭᠤᠬᠤ ᠠᠴᠠ ᠡᠮᠦᠨ᠎ᠡ ᠶᠠᠮᠠᠷ ᠬᠠᠮᠠᠭᠠᠯᠠᠯᠲᠠ ᠬᠢᠬᠦ ᠡᠰᠡ ᠪᠡᠯ ᠠᠷᠢᠬᠢ ᠤᠤᠭᠤᠭᠰᠠᠨ ᠤ ᠳᠠᠷᠠᠭ᠎ᠠ ᠶᠠᠭᠠᠬᠢᠵᠤ ᠰᠤᠪᠢᠯᠠᠬᠤ ᠲᠤᠬᠠᠢ ᠲᠠᠨᠢᠯᠴᠠᠭᠤᠯᠤᠶ᠎ᠠ᠃      1. ᠤᠰᠤ ᠤᠤᠭᠤᠬᠤ᠃ ᠠᠷᠢᠬᠢ ᠤᠤᠭᠤᠬᠤ ᠠᠴᠠ ᠡᠮᠦᠨ᠎ᠡ ᠨᠢᠭᠡ ᠴᠣᠮᠣ ᠤᠰᠤ ᠤᠤᠭᠤᠪᠠᠯ ᠵᠣᠬᠢᠬᠤ ᠬᠡᠵᠢᠶ᠎ᠡ ᠪᠠᠷ ᠠᠷᠢᠬᠢᠨ ᠤ ᠰᠫᠢᠷᠲ ᠢ ᠰᠡᠷᠭᠡᠶᠢᠯᠡᠬᠦ ᠦᠢᠯᠡᠳᠦᠯ ᠲᠠᠢ᠃ ᠬᠥᠮᠥᠨ ᠤ ᠪᠡᠶᠡᠨ ᠳᠤ ᠤᠰᠤ ᠳᠤᠲᠠᠪᠠᠯ ᠡᠯᠢᠭᠡᠨ ᠳᠤ ᠨᠥᠯᠥᠭᠡ ᠪᠣᠯᠵᠤ᠂ ᠡᠯᠢᠭᠡᠨ ᠤ ᠠᠷᠢᠬᠢᠨ ᠰᠫᠢᠷᠲ ᠢ ᠰᠢᠩᠭᠡᠭᠡᠬᠦ ᠴᠢᠳᠠᠪᠤᠷᠢ ᠶᠢ ᠪᠠᠭᠤᠷᠠᠭᠤᠯᠬᠤ        ᠪᠣᠯᠣᠨ᠎ᠠ᠃ ᠡᠶᠢᠮᠦ ᠠᠴᠠ ᠴᠠᠭ ᠲᠤᠬᠠᠢ ᠳᠤ ᠨᠢ ᠤᠰᠤ ᠤᠤᠭᠤᠪᠠᠯ ᠤᠰᠤ ᠨᠥᠬᠦᠪᠦᠷᠢᠯᠡᠵᠦ ᠪᠡᠶᠡᠨ ᠳᠤ ᠬᠢ ᠰᠫᠢᠷᠲ ᠤᠨ ᠬᠡᠮᠵᠢᠶ᠎ᠡ ᠶᠢ ᠪᠠᠭᠠᠰᠬᠠᠵᠤ ᠴᠢᠳᠠᠨ᠎ᠠ᠃      2. ᠠᠶᠢᠷᠠᠭ ᠤᠤᠭᠤᠬᠤ᠃ ᠠᠶᠢᠷᠠᠭ ᠵᠡᠷᠭᠡ ᠰᠦ ᠶᠢᠨ ᠪᠦᠲᠦᠭᠡᠭᠳᠡᠬᠦᠨ ᠬᠤᠳᠤᠭᠤᠳᠤ ᠶᠢᠨ ᠠᠷᠢᠬᠢᠨ ᠰᠫᠢᠷᠲ ᠰᠢᠩᠭᠡᠭᠡᠬᠦ ᠶᠢ ᠪᠠᠭᠠᠰᠬᠠᠵᠤ ᠬᠤᠣᠷᠲᠤ ᠪᠣᠳᠠᠰ ᠤᠨ ᠪᠡᠶᠡᠨ ᠳᠤ ᠥᠭᠬᠦ ᠨᠥᠯᠥᠭᠡ ᠶᠢ ᠪᠠᠭᠠᠰᠬᠠᠵᠤ ᠴᠢᠳᠠᠬᠤ ᠪᠠᠷ ᠪᠠᠷᠠᠬᠤ ᠦᠭᠡᠢ ᠵᠣᠬᠢᠬᠤ ᠬᠡᠮᠵᠢᠶ᠎ᠡ ᠪᠠᠷ ᠰᠣᠭᠲᠣᠬᠤ ᠶᠢ ᠰᠡᠷᠭᠡᠶᠢᠯᠡᠬᠦ ᠶᠤᠮ᠃      3. ᠪᠣᠣᠪᠤ ᠢᠳᠡᠬᠦ᠃ ᠪᠣᠣᠪᠤ ᠢᠳᠡᠪᠡᠯ ᠠᠷᠢᠬᠢᠨ ᠰᠫᠢᠷᠲ ᠤᠨ ᠬᠤᠳᠣᠭᠤᠳᠤᠨ ᠳᠤ ᠰᠢᠩᠭᠡᠬᠦ ᠶᠢ ᠰᠡᠷᠭᠡᠶᠢᠯᠡᠨ᠎ᠡ᠃ ᠲᠤᠲᠤᠷᠭ᠎ᠠ᠂ ᠮᠢᠶᠠᠨᠪᠣᠣ ᠵᠡᠷᠭᠡ ᠢᠳᠡᠭᠡᠨ ᠴᠦ ᠪᠣᠯᠣᠨ᠎ᠠ᠃ ᠡᠳᠡᠭᠡᠷ ᠢᠳᠡᠭᠡᠨ ᠳᠤ ᠸᠢᠲ᠋ᠠᠮᠢᠨ B ᠠᠭᠤᠯᠤᠭᠳᠠᠬᠤ ᠤᠴᠢᠷ ᠠᠴᠠ ᠡᠯᠢᠭᠡᠨ ᠤ ᠠᠷᠢᠬᠢ ᠰᠢᠩᠭᠡᠭᠡᠬᠦ ᠳᠤ ᠵᠣᠬᠢᠬᠤ ᠦᠢᠯᠡᠳᠦᠯ ᠦᠵᠡᠭᠦᠯᠦᠨ᠎ᠡ᠃      4. ᠪᠠᠯ ᠲᠠᠢ ᠤᠰᠤ ᠤᠤᠭᠤᠬᠤ᠃ ᠠᠷᠢᠬᠢᠨ ᠤ ᠳᠠᠷᠠᠭ᠎ᠠ ᠪᠠᠯ ᠲᠠᠢ ᠤᠰᠤ ᠤᠤᠭᠤᠪᠠᠯ ᠲᠣᠯᠣᠭᠠᠢ ᠡᠪᠡᠳᠬᠦ ᠶᠢ ᠨᠠᠮᠳᠠᠭᠠᠬᠤ ᠦᠢᠯᠡᠳᠦᠯ ᠲᠠᠢ᠃      5. ᠲᠥᠪᠡᠳ ᠬᠠᠰᠢ ᠶᠢᠨ ᠰᠢᠭᠦᠰᠦ ᠤᠤᠭᠤᠬᠤ᠃ ᠠᠷᠢᠬᠢᠨ ᠤ ᠳᠠᠷᠠᠭ᠎ᠠ ᠲᠥᠪᠡᠳ ᠬᠠᠰᠢ ᠶᠢᠨ ᠰᠢᠭᠦᠰᠦ ᠤᠤᠭᠤᠪᠠᠯ ᠲᠣᠯᠣᠭᠠᠢ ᠡᠷᠭᠢᠬᠦ ᠶᠢ ᠵᠣᠭᠰᠤᠭᠠᠬᠤ ᠦᠢᠯᠡᠳᠦᠯ ᠲᠠᠢ᠃      6. ᠰᠣᠷᠭᠤᠭ ᠦᠵᠦᠮ ᠢᠳᠡᠬᠦ᠃ ᠠᠷᠢᠬᠢᠨ ᠤ ᠳᠠᠷᠠᠭ᠎ᠠ ᠰᠣᠷᠭᠤᠭ ᠦᠵᠦᠮ ᠢᠳᠡᠪᠡᠯ ᠪᠥᠭᠡᠯᠵᠢᠬᠦ᠂  ᠬᠤᠳᠤᠭᠤᠳᠤ ᠡᠪ ᠦᠭᠡᠶᠢᠷᠡᠬᠦ ᠶᠢ ᠨᠠᠮᠳᠠᠭᠠᠨ᠎ᠠ᠃      7. ᠲᠠᠷᠪᠤᠰ ᠤᠨ ᠰᠢᠭᠦᠰᠦ ᠤᠤᠭᠤᠬᠤ᠃ ᠠᠷᠢᠬᠢᠨ ᠤ ᠳᠠᠷᠠᠭ᠎ᠠ ᠲᠠᠷᠪᠤᠰ ᠤᠨ ᠰᠢᠭᠦᠰᠦ ᠤᠤᠭᠤᠪᠠᠯ ᠪᠦᠬᠦ ᠪᠡᠶ᠎ᠡ ᠬᠠᠯᠠᠬᠤ ᠶᠢ ᠵᠠᠰᠠᠬᠤ ᠦᠢᠯᠡᠳᠦᠯ ᠲᠠᠢ᠃
 
ᠢᠷᠡᠯᠲᠡ᠄ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号