ᠤᠯᠤᠰ ᠲᠥᠷᠥ ᠶᠢᠨ ᠵᠥᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠶᠢᠰᠦᠳᠦᠭᠡᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/30
      4 ᠰᠠᠷ᠎ᠠ ᠶᠢᠨ 12 ᠤᠨ ᠦᠳᠡ ᠶᠢᠨ ᠬᠤᠶᠢᠨ᠎ᠠ᠂ ᠤᠯᠤᠰ ᠲᠦᠷᠦ ᠶᠢᠨ ᠵᠥᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ  ᠬᠤᠷᠢᠶ᠎ᠠ ᠶᠢᠰᠦᠳᠦᠭᠡᠷ ᠤᠳᠠᠭᠠᠨ ᠤ ᠬᠤᠷᠠᠯ ᠬᠤᠷᠠᠯᠳᠤᠪᠠ᠃      ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠪᠠᠲᠤᠮᠥ᠋ᠩᠬᠡ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠬᠤᠰᠢᠭᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠢᠶᠤᠤ ᠮᠢᠩ᠂ ᠳᠠᠪᠰᠢᠯᠲᠤ᠂ ᠶᠠᠨ ᠴᠢ ᠵᠢᠶᠦ᠋ᠨ᠂ ᠪᠦᠬᠡᠨ᠋ᠤᠳᠼᠠᠷ ᠪᠣᠯᠣᠨ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠡᠯ᠎ᠡ ᠰᠤᠮᠤ ᠪᠠᠯᠭᠠᠰᠤᠨ ᠤ ᠬᠤᠯᠪᠣᠭ᠎ᠠ ᠠᠪᠬᠤ ᠠᠯᠪᠠᠨ ᠭᠡᠷ  ᠤᠨ ᠡᠷᠬᠢᠯᠡᠭᠴᠢ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ︿︿ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠬᠤᠷᠢᠶᠠᠨ ᠤ ᠬᠤᠶᠠᠳᠤᠭᠠᠷ ᠬᠤᠷᠠᠯ﹀﹀᠂ ︿︿ᠤᠯᠤᠰ ᠲᠥᠷᠥ ᠶᠢᠨ ᠵᠥᠪᠯᠡᠯᠭᠡᠨ ᠤ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠬᠤᠶᠠᠳᠤᠭᠠᠷ         ᠬᠤᠷᠠᠯ﹀﹀᠂ ︿︿ᠤᠯᠤᠰ ᠲᠥᠷᠥ ᠶᠢᠨ ᠵᠥᠪᠯᠡᠯᠭᠡᠨ ᠤ ᠰᠢᠯᠢ ᠶᠢᠨ ᠭᠤᠤᠯ ᠠᠶᠢᠮᠠᠭ ᠤᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯ﹀﹀᠂ ︿︿ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠪᠥᠬᠦᠳᠡ ︵ᠥᠷᠭᠡᠳᠬᠡᠭᠰᠡᠨ︶ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ﹀﹀ ᠵᠡᠷᠭᠡ ᠬᠤᠷᠠᠯ  ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ ᠪᠠᠰᠠ ︿︿ᠤᠯᠤᠰ ᠲᠥᠷᠥ ᠶᠢᠨ ᠵᠥᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠭᠡᠰᠢᠭᠦᠨ ᠢ ᠨᠡᠮᠡᠵᠦ ᠨᠥᠬᠦᠪᠥᠷᠢᠯᠡᠬᠦ ᠲᠤᠬᠠᠶ ᠲᠣᠭᠲᠠᠭᠠᠯ ︵ᠲᠥᠰᠦᠯ︶﹀﹀ ᠢ ᠪᠠᠲᠤᠯᠠᠭᠰᠠᠨ ᠪᠥᠭᠡᠳ ︿︿ᠤᠯᠤᠰ ᠲᠥᠷᠥ ᠶᠢᠨ ᠵᠥᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ 2024 ᠣᠨ ᠤ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠲᠥᠰᠦᠯ﹀﹀ ︿︿ᠤᠯᠤᠰ ᠲᠥᠷᠥ ᠶᠢᠨ ᠵᠥᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ 2024 ᠣᠨ ᠤ ᠵᠥᠪᠯᠡᠬᠦ ᠲᠥᠯᠥᠪᠯᠡᠭᠡ﹀﹀ ᠶᠢ ᠬᠢᠨᠠᠨ ᠵᠥᠪᠯᠡᠵᠦ ᠪᠠᠲᠤᠯᠠᠪᠠ᠃      ᠬᠤᠷᠠᠯ ᠳᠡᠭᠡᠷ᠎ᠡ᠂ ᠪᠠᠲᠤᠮᠥ᠋ᠩᠬᠡ ᠳᠡᠭᠡᠳᠦ ᠱᠠᠲᠤᠨ ᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠪᠥᠬᠦ ᠬᠤᠰᠢᠭᠤᠨ ᠤ ᠭᠤᠤᠯ ᠠᠵᠢᠯ ᠪᠠ ᠤᠯᠤᠰ ᠲᠥᠷᠥ ᠶᠢᠨ ᠵᠥᠪᠯᠡᠯᠭᠡᠨ ᠤ ᠣᠨ ᠤ ᠠᠵᠢᠯ ᠤᠨ ᠭᠤᠤᠯᠳᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠨᠠᠷ ᠰᠠᠶᠢᠲᠠᠶ ᠠᠬᠢᠭᠤᠯᠬᠤ ᠵᠢᠴᠢ ᠪᠥᠬᠦ ᠬᠤᠰᠢᠭᠤᠨ ᠤ ᠬᠥᠭᠵᠢᠯᠲᠡ ᠶᠢᠨ ᠭᠤᠤᠯ ᠡᠭᠦᠷᠭᠡ ᠶᠢᠨ ᠲᠣᠭᠤᠷᠢᠨ ᠳᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠪᠠ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠬᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠲᠦᠷᠦᠭᠦᠯᠡᠨ ᠰᠢᠯᠢᠳᠡᠭᠵᠢᠭᠦᠯᠬᠦ ᠵᠡᠷᠭᠡ ᠲᠠᠯ᠎ᠠ ᠪᠠᠷ ᠴᠢᠬᠤᠯᠠᠴᠢᠯᠠᠨ ᠪᠠᠶᠢᠷᠢᠯᠠᠭᠤᠯᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号