4 ᠰᠠᠷ᠎ᠠ ᠶᠢᠨ 15 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠬᠤᠰᠢᠭᠤ ᠨᠠᠮ ᠤᠨ | ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ | ᠠᠩᠬᠠᠳᠤᠭᠠᠷ ᠬᠤᠷᠠᠯ ᠢ ᠡᠷᠬᠢᠯᠡᠨ ᠬᠤᠷᠠᠯᠳᠤᠭᠤᠯᠪᠠ ᠃ | ᠬᠤᠰᠢᠭᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ | ᠤᠨ ᠳᠠᠷᠤᠭ᠎ᠠ᠂ ᠳᠡᠳ᠋ ᠳᠤᠭᠤᠶᠢᠯᠠᠩ ᠤᠨ ᠳᠠᠷᠤᠭ᠎ᠠ ᠵᠢᠴᠢ ᠭᠡᠰᠢᠭᠦᠳ ᠬᠤᠷᠠᠯ ᠳᠤ ᠣᠷᠣᠯᠴᠠᠪᠠ ᠃ | ᠬᠤᠷᠠᠯ ᠠᠴᠠ ︿︿ᠪᠥᠬᠦ ᠨᠠᠮ ᠤᠨ ᠳᠣᠲᠣᠷ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ | ᠥᠷᠨᠢᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ | ᠮᠡᠳᠡᠭᠳᠡᠯ﹀﹀ ᠪᠣᠯᠤᠨ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠨᠠᠮ | ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠳᠤᠯᠤᠨ | ᠪᠠᠶᠢᠷᠢᠯᠠᠭᠤᠯᠵᠤ᠂ ︿︿ᠪᠥᠬᠦ ᠬᠤᠰᠢᠭᠤᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ | ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ﹀﹀ ᠵᠡᠷᠭᠡ ᠪᠢᠴᠢᠭ ᠮᠠᠲ᠋ᠧᠷᠢᠶᠠᠯ ᠢ ᠶᠠᠷᠢᠯᠴᠠᠨ ᠬᠢᠨᠠᠨ ᠵᠥᠪᠯᠡᠵᠦ᠂ ᠪᠥᠬᠦ | ᠬᠤᠰᠢᠭᠤᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠠᠮᠢᠶ᠎ᠠ ᠪᠥᠬᠦᠶ ᠠᠵᠢᠯ ᠢ | ᠰᠤᠳᠤᠯᠤᠨ ᠪᠠᠶᠢᠷᠢᠯᠠᠭᠤᠯᠪᠠ ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠤᠯᠤᠰ ᠲᠦᠷᠦ | ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ | ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠬᠤ ᠬᠡᠷᠡᠭᠲᠡᠢ᠃ ᠡᠨᠡ ᠤᠳᠠᠭ᠎ᠠ ᠶᠢᠨ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ | ᠴᠢᠩᠭ᠎ᠠ ᠠᠳᠬᠤᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠰᠠᠬᠢᠯᠭ᠎ᠠ ᠪᠠᠲᠤ ᠶᠢ ᠵᠢᠷᠤᠮᠯᠠᠬᠤ ᠤᠬᠠᠮᠰᠠᠷ | ᠢᠶᠠᠨ ᠴᠢᠩᠭᠠᠳᠬᠠᠬᠤ ᠶᠢ ᠠᠬᠢᠭᠤᠯᠵᠤ᠂ ᠴᠢᠩᠭ᠎ᠠ ᠲᠣᠳᠣᠷᠬᠠᠢ ᠰᠠᠬᠢᠯᠭ᠎ᠠ ᠪᠠᠲᠤ ᠪᠠᠷ ︿︿ᠬᠤᠶᠠᠷ ᠢ ᠲᠣᠭᠲᠠᠭᠠᠬᠤ﹀﹀ | ᠶᠢ ᠡᠷᠡᠰ ᠬᠦᠷᠢᠶᠡᠯᠡᠵᠦ᠂ ︿︿ᠬᠤᠶᠠᠷ ᠢ ᠬᠠᠮᠠᠭᠠᠯᠠᠬᠤ﹀﹀ ᠶᠢ ᠡᠷᠡᠰ ᠪᠡᠶᠡᠯᠡᠭᠦᠯᠵᠦ᠂ ᠡᠯ᠎ᠡ ᠵᠦᠢᠯ ᠤᠨ ᠠᠵᠢᠯ ᠦᠢᠯᠡᠰ | ᠤᠨ ᠬᠥᠭᠵᠢᠯᠲᠡ ᠶᠢ ᠪᠠᠲᠤᠯᠠᠬᠤ ᠬᠡᠷᠡᠭᠲᠡᠢ ᠃ ᠭᠤᠣᠯᠳᠠᠯᠭ᠎ᠠ ᠲᠠᠢ ᠡᠭᠦᠷᠭᠡ ᠶᠢ ᠡᠵᠡᠮᠳᠡᠵᠦ᠂ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠥᠷᠨᠢᠭᠦᠯᠵᠦ᠂ ᠲᠤᠰᠬᠠᠢ | ᠰᠡᠳᠦᠪᠲᠦ ︿︿ᠰᠤᠳᠤᠯᠤᠨ ᠰᠤᠷᠤᠯᠴᠠᠬᠤ﹀﹀᠂ ᠡᠳᠦᠷ ᠲᠤᠳᠤᠮ ᠤᠨ ︿︿ᠠᠭᠤᠰᠤᠯᠴᠠᠨ ᠰᠤᠷᠤᠯᠴᠠᠬᠤ﹀﹀᠂ ᠬᠡᠷᠡᠭ | ᠢᠶᠠᠷ ︿︿ᠰᠤᠷᠤᠯᠴᠠᠯᠭ᠎ᠠ ᠶᠢ ᠠᠬᠢᠭᠤᠯᠬᠤ﹀﹀᠂ ᠪᠣᠯᠪᠠᠰᠤᠷᠠᠯ ᠬᠦᠷᠲᠡᠭᠡᠵᠦ ︿︿ᠰᠤᠷᠤᠯᠭ᠎ᠠ ᠶᠢ ᠲᠡᠳᠬᠦᠬᠦ﹀﹀ ᠠᠷᠭ᠎ᠠ | ᠬᠡᠯᠪᠡᠷᠢ ᠪᠠᠷ᠂ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠪᠣᠯᠤᠨ ᠨᠠᠮᠴᠢ ᠴᠢᠨᠠᠷ ᠤᠨ ᠬᠥᠮᠦᠵᠢᠯ᠂ ᠰᠠᠬᠢᠯᠭ᠎ᠠ ᠪᠠᠲᠤ | ᠬᠠᠤᠯᠢ ᠴᠠᠭᠠᠵᠠ ᠶᠢᠨ ᠬᠥᠮᠦᠵᠢᠯ ᠢ ᠤᠶᠠᠯᠳᠤᠭᠤᠯᠬᠤ ᠶᠢ ᠪᠠᠷᠢᠮᠲᠠᠯᠠᠵᠤ᠂ ᠨᠠᠮᠴᠢ ᠴᠢᠨᠠᠷ ᠨᠠᠮ ᠤᠨ ᠰᠤᠷᠲᠠᠯ ᠨᠠᠮ ᠤᠨ | ᠰᠠᠬᠢᠯᠭ᠎ᠠ ᠪᠠᠲᠤ ᠶᠢ ᠵᠡᠷᠭᠡ ᠪᠠᠷ ᠠᠳᠬᠤᠵᠤ᠂ ᠤᠳᠤᠷᠢᠳᠬᠤ ᠺᠠᠳ᠋ᠷ ᠢ ᠱᠠᠯᠠᠪᠳᠠᠭᠤᠯᠤᠨ ᠱᠠᠭᠠᠷᠳᠠᠵᠤ ᠪᠠᠶᠢᠭᠠᠳ | ᠰᠠᠬᠢᠯᠭ᠎ᠠ ᠪᠠᠲᠤ ᠶᠢ ᠵᠢᠷᠤᠮᠯᠠᠨ ᠬᠡᠷᠡᠭᠵᠢᠭᠦᠯᠬᠦ ᠲᠠᠯ᠎ᠠ ᠪᠠᠷ ᠡᠮᠦᠨ᠎ᠡ ᠨᠢ ᠶᠠᠪᠤᠵᠤ᠂ ᠬᠡᠪ ᠳᠠᠭᠤᠷᠢᠶᠠᠯ ᠦᠵᠡᠭᠦᠯᠬᠦ | ᠬᠡᠷᠡᠭᠲᠡᠢ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ︿︿ᠨᠢᠭᠡ ᠠᠵᠢᠯ ᠤᠨ ᠪᠠᠶᠢᠷᠢ ᠳᠤ ᠬᠤᠤᠰ | ᠬᠠᠷᠢᠭᠤᠴᠠᠯᠭ᠎ᠠ ᠡᠭᠦᠷᠭᠡᠯᠡᠬᠦ﹀﹀ ᠶᠢ ᠨᠠᠷᠢᠨ ᠬᠢᠨᠠᠮᠠᠭᠠᠶ ᠭᠦᠶᠴᠡᠳᠬᠡᠵᠦ᠂ ᠭᠦᠨᠵᠡᠭᠡᠶ ᠰᠤᠷᠤᠯᠴᠠᠬᠤ ᠶᠢᠨ ᠬᠠᠮᠲᠤ | ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷ᠎ᠠ᠂ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠤᠨ ᠢᠶᠠᠨ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠴᠢᠩᠭ᠎ᠠ ᠠᠳᠬᠤᠨ ᠵᠢᠯᠣᠭᠤᠳᠬᠤ ᠪᠠᠨ | ᠴᠢᠩᠭᠠᠳᠬᠠᠵᠤ᠂ ᠪᠦᠬᠦᠯᠢ ᠴᠣᠭᠴᠠ ᠪᠠᠷ ᠬᠤᠯᠪᠣᠭᠠᠯᠠᠨ ᠬᠥᠳᠡᠯᠦᠯᠴᠡᠬᠦ ᠰᠠᠶᠢᠨ ᠰᠠᠶᠢᠬᠠᠨ ᠠᠭᠤᠷ ᠠᠮᠢᠰᠬᠤᠯ ᠢ | ᠪᠦᠷᠢᠯᠳᠦᠭᠦᠯᠬᠦ ᠬᠡᠷᠡᠭᠲᠡᠶ᠃ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠭᠤᠤᠯ ᠵᠠᠭᠤᠴᠢᠯᠠᠭᠤᠷ | ᠪᠠ ᠰᠢᠨ᠎ᠡ ᠵᠠᠭᠤᠴᠢᠯᠠᠭᠤᠷ ᠤᠨ ᠲᠠᠪᠴᠠᠩ ᠤᠨ ᠦᠶᠯᠡᠳᠦᠯ ᠢ ᠭᠦᠶᠴᠡᠳ ᠪᠠᠳᠠᠷᠠᠭᠤᠯᠵᠤ᠂ ᠪᠣᠳᠠᠲᠠᠶ ᠲᠠᠢ ᠪᠠᠨ | ᠤᠶᠠᠯᠳᠤᠭᠤᠯᠤᠨ᠂ ᠮᠠᠨ ᠤ ᠬᠤᠰᠢᠭᠤᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ | ᠪᠦᠲᠦᠮᠵᠢ ᠪᠠ ᠠᠮᠢᠳᠤᠯᠢᠭ ᠦᠶᠯᠡᠳᠦᠯᠭᠡ ᠶᠢ ᠴᠠᠭ ᠲᠤᠬᠠᠶ ᠳᠤᠨᠢ ᠤᠬᠠᠭᠤᠯᠤᠨ ᠮᠡᠳᠡᠭᠡᠯᠡᠵᠦ᠂ ᠰᠠᠬᠢᠯᠭ᠎ᠠ ᠪᠠᠲᠤ ᠶᠢ | ᠰᠤᠷᠤᠯᠴᠠᠬᠤ᠂ ᠰᠠᠬᠢᠯᠭ᠎ᠠ ᠪᠠᠲᠤ ᠶᠢ ᠣᠶᠢᠯᠠᠭᠠᠬᠤ᠂ ᠰᠠᠬᠢᠯᠭ᠎ᠠ ᠪᠠᠲᠤ ᠶᠢ ᠲᠣᠳᠣᠷᠬᠠᠶᠢᠯᠠᠬᠤ᠂ ᠰᠠᠬᠢᠯᠭ᠎ᠠ ᠪᠠᠲᠤ ᠶᠢ | ᠰᠠᠬᠢᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠤᠯᠤᠰ ᠲᠦᠷᠦ ᠶᠢᠨ ᠬᠤᠷᠴᠠ ᠰᠡᠷᠭᠡᠭ ᠴᠢᠨᠠᠷ ᠢᠶᠠᠨ ᠴᠢᠩᠭᠠᠳᠬᠠᠵᠤ᠂ ᠴᠢᠩᠭ᠎ᠠ ᠪᠣᠳᠠᠲᠠᠢ ᠰᠤᠷᠲᠠᠯ | ᠢᠶᠠᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠦᠮᠦᠵᠢᠯ ᠤᠨ ᠤᠯᠤᠰ ᠲᠦᠷᠦᠴᠢ ᠴᠢᠨᠠᠷ ᠪᠠ ᠲᠥᠪ ᠴᠢᠩᠭ᠎ᠠ | ᠴᠢᠨᠠᠷ ᠢ ᠦᠨᠡᠨ ᠬᠦ ᠪᠠᠲᠤᠯᠠᠬᠤ ᠬᠡᠷᠡᠭᠲᠡᠢ ᠭᠡᠵᠡᠢ ᠃ |