ᠪᠥᠬᠦ ᠠᠶᠢᠮᠠᠭ ᠤᠨ ᠵᠠᠯᠠᠭᠤᠴᠤᠳ ᠪᠠᠭᠠᠴᠤᠳ ᠤᠨ ᠴᠢᠯᠥᠭᠡᠲᠦ ᠪᠥᠬᠡ ᠶᠢᠨ ᠤᠷᠢᠯᠭ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
ᠨᠡᠶᠢᠲᠡᠯᠡᠭᠰᠡᠨ ᠴᠠᠭ᠄
2024/4/30
      ᠪᠡᠶ᠎ᠡ ᠶᠢᠨ ᠲᠠᠮᠢᠷ ᠤᠨ ᠦᠶᠯᠡᠰ ᠤᠨ ᠬᠥᠭᠵᠢᠯᠲᠡ ᠶᠢ ᠠᠬᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠠᠬᠢᠭᠤᠯᠵᠤ᠂ ᠵᠠᠯᠠᠭᠤᠴᠤᠳ ᠪᠠᠭᠠᠴᠤᠳ ᠤᠨ ᠶᠣᠰᠣ ᠰᠤᠷᠲᠠᠬᠤᠨ ᠤ ᠪᠣᠯᠪᠠᠰᠤᠷᠠᠯ ᠪᠠ ᠪᠡᠶ᠎ᠡ ᠮᠠᠬᠠᠪᠣᠳ ᠤᠨ ᠬᠡᠪ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ  ᠶᠢᠨ14 ᠤ ᠡᠳᠦᠷ᠂ ᠮᠠᠨ ᠤ ᠬᠤᠰᠢᠭᠤ ᠪᠥᠬᠦ ᠠᠶᠢᠮᠠᠭ ᠤᠨ ᠵᠠᠯᠠᠭᠤᠴᠤᠳ ᠪᠠᠭᠠᠴᠤᠳ ᠤᠨ ᠴᠢᠯᠥᠭᠡᠲᠦ ᠪᠥᠬᠡ ᠶᠢᠨ ᠤᠷᠢᠯᠭ᠎ᠠ ᠶᠢᠨ ᠤᠷᠤᠯᠳᠤᠭᠠᠨ ᠡᠷᠬᠢᠯᠡᠨ ᠶᠠᠪᠤᠭᠳᠠᠭᠤᠯᠤᠭᠰᠠᠨ ᠪᠠᠶᠢᠨ᠎ᠠ᠃      ᠰᠢᠯᠢ ᠶᠢᠨ ᠭᠤᠤᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠰᠠᠯᠪᠤᠷᠢ ᠶᠢᠨ ᠴᠢᠯᠥᠭᠡᠲᠦ ᠪᠥᠬᠡ ᠶᠢᠨ ᠠᠩᠭᠢ᠂ ᠰᠢᠯᠢ ᠶᠢᠨ ᠬᠤᠲᠠ᠂ ᠮᠠᠨ ᠤ ᠬᠤᠰᠢᠭᠤ᠂ ᠪᠠᠷᠠᠭᠤᠨ ᠦᠵᠦᠮᠦᠴᠢᠨ ᠬᠤᠰᠢᠭᠤ᠂ ᠤᠯᠠᠭᠠᠶ ᠨᠡᠭᠡᠭᠡᠯᠲᠡ ᠶᠢᠨ ᠤᠷᠤᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠠᠬᠢᠭᠤᠯᠬᠤ ᠲᠥᠪ ᠪᠤᠯᠤᠨ ᠡᠯ᠎ᠡ ᠨᠡᠶᠢᠭᠡᠮᠯᠢᠭ ᠤᠨ ᠨᠡᠶᠢᠲᠡ ᠲᠠᠪᠢᠭᠠᠳ ᠲᠠᠮᠢᠷᠴᠢᠨ ᠲᠣᠰ ᠤᠳᠠᠭᠠᠨ ᠤ ᠤᠷᠤᠯᠳᠤᠭᠠᠨ ᠳᠤ ᠣᠷᠣᠯᠴᠠᠪᠠ  ᠃      ᠤᠷᠤᠯᠳᠤᠭᠠᠨ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠴᠢᠯᠥᠭᠡᠲᠦ ᠪᠥᠬᠡ ᠶᠢᠨ ᠳᠠᠰᠬᠠᠯᠵᠢᠭᠤᠯᠤᠭᠴᠢ ᠬᠠᠰᠪᠠᠭᠠᠨ᠎ᠠ ᠶᠢ ᠤᠷᠢᠵᠤ ᠲᠠᠮᠢᠷᠴᠢᠳ ᠲᠤ 7 ᠡᠳᠦᠷ ᠤᠨ ᠬᠤᠭᠤᠴᠠᠭ᠎ᠠ ᠲᠠᠢ ᠲᠤᠰᠬᠠᠶ ᠮᠡᠷᠭᠡᠵᠢᠯ ᠤᠨ ᠪᠣᠯᠪᠠᠰᠤᠷᠠᠯ  ᠬᠦᠷᠲᠡᠭᠡᠭᠰᠡᠨ ᠪᠠᠶᠢᠨ᠎ᠠ᠃      ᠲᠤᠰ ᠤᠳᠠᠭᠠᠨ ᠤ ᠵᠠᠯᠠᠭᠤᠴᠤᠳ ᠪᠠᠭᠠᠴᠤᠳ ᠤᠨ ᠴᠢᠯᠥᠭᠡᠲᠦ ᠪᠥᠬᠡ ᠶᠢᠨ ᠪᠣᠯᠪᠠᠰᠤᠷᠠᠯ ᠵᠢᠴᠢ ᠤᠷᠢᠯᠭ᠎ᠠ  ᠶᠢᠨ ᠤᠷᠤᠯᠳᠤᠭᠠᠨ ᠨᠢ ᠪᠦᠬᠦ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠴᠢᠯᠥᠭᠡᠲᠦ ᠪᠥᠬᠡ  ᠶᠢᠨ ᠲᠠᠮᠢᠷᠴᠢᠳ ᠲᠤ ᠮᠡᠷᠭᠡᠵᠢᠯ ᠢᠶᠠᠨ ᠰᠣᠯᠢᠯᠴᠠᠬᠤ ᠲᠠᠪᠴᠠᠩ ᠬᠠᠩᠭᠠᠵᠤ᠂ ᠵᠠᠯᠠᠭᠤᠴᠤᠳ ᠪᠠᠭᠠᠴᠤᠳ ᠤᠨ ᠴᠢᠯᠥᠭᠡᠲᠦ ᠪᠥᠬᠡ ᠶᠢᠨ ᠲᠥᠷᠥᠯ ᠵᠦᠢᠯ ᠤᠨ ᠤᠷ᠎ᠠ ᠴᠢᠳᠠᠪᠤᠷᠢ ᠶᠢ ᠡᠵᠡᠮᠰᠢᠬᠦ ᠢᠳᠡᠪᠬᠢᠲᠡᠶ ᠦᠢᠯᠡᠳᠦᠯ ᠲᠠᠢ ᠶᠤᠮ᠃      ᠤᠷᠤᠯᠳᠤᠭᠠᠨ ᠳᠤ ᠲᠠᠮᠢᠷᠴᠢᠳ ᠮᠠᠨᠢ ᠤᠨᠠᠰᠢ ᠦᠭᠡᠢ ᠴᠡᠴᠡᠨ ᠤᠬᠠᠭᠠᠨ᠂ ᠤᠬᠤᠷᠢᠰᠢ ᠦᠭᠡᠢ ᠡᠷᠴᠢ ᠬᠦᠴᠦ ᠪᠠᠷ ᠴᠢᠷᠮᠠᠶᠢᠨ ᠤᠷᠤᠯᠴᠠᠵᠦ᠂  ᠨᠦᠬᠦᠷᠯᠡᠯ ᠨᠢᠭᠡᠳᠦᠭᠡᠷ᠂ ᠤᠷᠤᠯᠳᠤᠭᠠᠨ ᠬᠤᠶᠠᠳᠤᠭᠠᠷ ᠭᠡᠮᠡᠬᠦ ᠰᠠᠶᠢᠬᠠᠨ ᠵᠢᠷᠤᠮ ᠢᠶᠠᠷ ᠤᠷᠤᠯᠳᠤᠭᠠᠨ ᠢᠶᠠᠨ ᠦᠨᠳᠦᠷᠯᠡᠭᠦᠯᠵᠡᠢ᠃      ᠬᠤᠷᠴᠠ ᠰᠢᠷᠦᠭᠦᠨ ᠥᠷᠢᠰᠦᠯᠳᠦᠭᠡᠨ ᠢᠶᠠᠷ ᠳᠠᠮᠵᠢᠨ᠂ ᠪᠠᠷᠠᠭᠤᠨ ᠦᠵᠦᠮᠦᠴᠢᠨ ᠬᠤᠰᠢᠭᠤᠨ ᠤ ᠬᠠᠶᠢᠷᠬᠠᠨ᠂ ᠮᠠᠨᠳᠤᠬᠤ᠂ ᠰᠢᠯᠢ ᠶᠢᠨ ᠬᠤᠲᠠ ᠣᠳᠤᠰᠠᠷᠠ᠂ ᠰᠧᠷᠡᠩᠳᠤᠭᠳᠠᠬᠤ᠂ ᠮᠠᠨ ᠤ ᠬᠤᠰᠢᠭᠤᠨ ᠤ ᠡᠩᠬᠡᠪᠡᠲᠤ᠂ ᠵᠠᠶᠠᠭ᠎ᠠ᠂ ᠬᠦᠴᠦᠨ᠂ ᠠᠷᠢᠭᠤᠨᠪᠤᠯᠤᠳ ᠲᠤᠰ ᠲᠤᠰ ᠨᠠᠢᠮᠠᠨ ᠲᠡᠰ ᠤᠨ ᠤᠷᠤᠯᠳᠤᠭᠠᠨ ᠤ ᠠᠯᠲᠠᠨ ᠮᠳᠧᠯ ᠤᠨ ᠡᠵᠡᠨ ᠢᠶᠠᠷ ᠲᠤᠳᠤᠷᠠᠵᠠᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号