ᠵᠡᠭᠦᠨ ᠬᠠᠲᠠᠪᠴᠢ ᠪᠣᠭᠤᠮᠲᠠ — ᠪᠢᠴᠢᠭᠲᠦ ᠪᠤᠭᠤᠮᠲᠠ ᠪᠠᠷ 8᠎ ᠠᠴᠠ ᠳᠣᠷᠣᠭᠰᠢ ᠰᠠᠭᠤᠳᠠᠯ ᠲᠠᠢ ᠪᠠᠭ᠎ᠠ ᠬᠡᠯᠪᠡᠷᠢ ᠶᠢᠨ ᠮᠠᠰᠢᠨ ᠲᠡᠷᠭᠡ ᠨᠡᠪᠲᠡᠷᠡᠵᠦ ᠡᠬᠢᠯᠡᠪᠡ
ᠨᠡᠶᠢᠲᠡᠯᠡᠭᠰᠡᠨ ᠴᠠᠭ᠄
2024/4/7
      3 ᠰᠠᠷ᠎ᠠ ᠶᠢᠨ 20᠎ ᠤ ᠡᠳᠦᠷ᠂ ᠵᠡᠭᠦᠨ ᠬᠠᠲᠠᠪᠴᠢ ᠪᠣᠭᠤᠮᠲᠠ ᠪᠠᠷ 8᠎ ᠠᠴᠠ ᠳᠣᠷᠣᠭᠰᠢ ᠰᠠᠭᠤᠳᠠᠯ ᠪᠠᠭ᠎ᠠ ᠬᠡᠯᠪᠡᠷᠢ ᠶᠢᠨ ᠮᠠᠰᠢᠨ ᠲᠡᠷᠭᠡ ᠨᠡᠪᠲᠡᠷᠡᠵᠦ ᠡᠬᠢᠯᠡᠨ᠂ ᠲᠤᠬᠠᠢ ᠶᠢᠨ ᠡᠳᠦᠷ᠂ ᠮᠣᠩᠭᠤᠯ ᠤᠯᠤᠰ ᠤᠨ 8 ᠪᠠᠭ᠎ᠠ ᠬᠡᠯᠪᠡᠷᠢ ᠶᠢᠨ ᠮᠠᠰᠢᠨ ᠲᠡᠷᠭᠡ ᠪᠣᠭᠤᠮᠲᠠ ᠪᠠᠷ ᠦᠩᠭᠡᠷᠡᠵᠡᠢ᠃ ᠪᠣᠭᠤᠮᠲᠠ ᠪᠠᠷ ᠥᠩᠭᠡᠷᠡᠬᠦ ᠲᠤᠬᠠᠶ ᠶᠢᠨ ᠲᠠᠯᠠᠪᠠᠶ ᠳᠤ ᠵᠡᠭᠦᠨ ᠦᠵᠦᠮᠦᠴᠢᠨ ᠪᠣᠭᠤᠮᠲᠠ᠂ ᠬᠢᠯᠢ ᠶᠢᠨ ᠪᠠᠶᠢᠴᠠᠭᠠᠯᠲᠠ ᠵᠡᠷᠭᠡ ᠰᠠᠯᠠᠭ᠎ᠠ ᠮᠥᠴᠢᠷ ᠤᠨ ᠬᠢᠨ ᠨᠢᠭᠲᠠ ᠬᠠᠮᠵᠢᠯᠴᠠᠵᠤ᠂ ᠪᠣᠭᠤᠮᠲᠠ ᠪᠠᠷ ᠥᠩᠭᠡᠷᠡᠬᠦ ᠪᠦᠬᠦᠯᠢ ᠴᠣᠭᠴᠠ ᠶᠢᠨ ᠴᠤᠪᠤᠷᠠᠯ ᠤᠨ ᠤᠷᠤᠭᠰᠢᠲᠠᠶ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠵᠠᠢ  ᠃      ᠣᠶᠢᠯᠠᠭᠠᠭᠰᠠᠨ ᠢᠶᠠᠷ᠂ 3 ᠰᠠᠷ᠎ᠠ ᠶᠢᠨ 13᠎ ᠤ ᠡᠳᠦᠷ᠂ ᠵᠡᠭᠦᠨ ᠬᠠᠲᠠᠪᠴᠢ ᠪᠣᠭᠤᠮᠲᠠ ᠶᠢᠨ ᠰᠢᠨ᠎ᠡ ᠪᠠᠷ ᠪᠠᠶᠢᠭᠤᠯᠤᠭᠰᠠᠨ ︿︿ᠳᠥᠷᠪᠡ ᠶᠢ ᠣᠷᠣᠭᠤᠯᠵᠤ ᠬᠤᠶᠠᠷ ᠢ ᠭᠠᠷᠭᠠᠬᠤ﹀﹀ ᠪᠠᠷᠠᠭᠠᠨ ᠤ ᠲᠡᠭᠡᠭᠡᠪᠦᠷᠢ ᠶᠢᠨ ᠵᠠᠮ ᠢ ᠵᠢᠩᠬᠢᠨᠢ ᠪᠠᠷ ᠡᠬᠢᠯᠡᠨ ᠬᠡᠷᠡᠭᠯᠡᠵᠦ᠂ ᠠᠶᠠᠨᠴᠢᠳ ᠪᠠ ᠪᠠᠷᠠᠭ᠎ᠠ ᠶᠢ ᠰᠠᠯᠭᠠᠬᠤ ᠶᠢ ᠪᠡᠶᠡᠯᠡᠭᠦᠯᠵᠦ᠂ 8᠎ ᠠᠴᠠ ᠳᠣᠷᠣᠭᠰᠢ ᠰᠠᠭᠤᠳᠠᠯ ᠲᠠᠢ ᠪᠠᠭ᠎ᠠ ᠬᠡᠯᠪᠡᠷᠢ ᠶᠢᠨ ᠮᠠᠰᠢᠨ ᠲᠡᠷᠭᠡ ᠪᠣᠭᠤᠮᠲᠠ ᠥᠩᠭᠡᠷᠡᠬᠦ ᠳᠤ ᠲᠥᠬᠦᠮ ᠨᠥᠬᠦᠴᠡᠯ ᠬᠠᠩᠭᠠᠪᠠ᠃      ᠵᠡᠭᠦᠨ ᠬᠠᠲᠠᠪᠴᠢ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠶᠢᠨ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠭᠠᠵᠠᠷ ᠤᠨ ᠳᠡᠳ᠋ ᠳᠠᠷᠤᠭ᠎ᠠ ᠯᠢ ᠡᠾᠦ᠋ᠢ ᠳ᠋ᠦᠩ ᠲᠠᠨᠢᠯᠴᠠᠭᠤᠯᠬᠤ ᠳᠠᠭᠠᠨ᠄ ︿︿8᠎ ᠠᠴᠠ ᠳᠣᠷᠣᠭᠰᠢ ᠰᠠᠭᠤᠳᠠᠯ ᠲᠠᠢ ᠪᠠᠭ᠎ᠠ ᠬᠡᠯᠪᠡᠷᠢ ᠶᠢᠨ ᠮᠠᠰᠢᠨ ᠲᠡᠷᠭᠡ ᠶᠢ ᠪᠤᠭᠤᠮᠲᠠ ᠪᠠᠷ ᠦᠩᠭᠡᠷᠡᠭᠦᠯᠬᠦ ᠪᠣᠯ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠪᠣᠭᠤᠮᠲᠠ ᠶᠢᠨ ᠬᠥᠭᠵᠢᠭᠦᠯᠦᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠮᠠᠨ ᠤ ᠥᠷᠲᠡᠭᠡ ᠠᠵᠢᠯ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠦᠶᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠠᠨ ᠲᠠᠰᠤᠷᠠᠯᠲᠠ ᠥᠬᠡᠶ ᠲᠣᠬᠢᠷᠠᠭᠤᠯᠵᠤ᠂ ᠴᠠᠭᠳᠠᠭᠠᠨ ᠤ ᠬᠦᠴᠦᠨ ᠤ ᠪᠠᠶᠢᠷᠢᠯᠠᠭᠤᠯᠤᠯᠲᠠ ᠪᠠᠨ ᠰᠢᠯᠢᠳᠡᠭᠵᠢᠭᠦᠯᠵᠦ᠂ ᠠᠶᠠᠨᠴᠢᠳ ᠤᠨ ᠴᠤᠪᠤᠷᠠᠯ ᠤᠨ ᠮᠡᠳᠡᠭᠡ ᠵᠠᠩᠭᠢ ᠶᠢ ᠨᠡᠮᠡᠵᠦ ᠨᠡᠭᠡᠭᠡᠬᠦ᠂ ᠠᠶᠠᠨᠴᠢᠳ ᠤᠨ ᠮᠡᠳᠡᠭᠡ ᠵᠠᠩᠭᠢ ᠶᠢ ᠴᠠᠭ ᠲᠤᠨᠢ ᠲᠣᠬᠢᠷᠠᠭᠤᠯᠤᠨ ᠨᠡᠶᠢᠲᠡᠯᠡᠬᠦ᠂ ᠠᠶᠠᠨᠴᠢᠳ ᠤᠨ ᠮᠡᠳᠡᠭᠡ ᠵᠠᠩᠭᠢ ᠶᠢ ᠤᠷᠢᠳᠴᠢᠯᠠᠨ ᠬᠢᠨᠠᠨ ᠪᠠᠶᠢᠴᠠᠭᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠪᠣᠭᠤᠮᠲᠠ ᠥᠩᠭᠡᠷᠡᠬᠦ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ 8᠎ ᠠᠴᠠ ᠳᠣᠷᠣᠭᠰᠢ ᠰᠠᠭᠤᠳᠠᠯ ᠲᠠᠢ ᠪᠠᠭ᠎ᠠ ᠬᠡᠯᠪᠡᠷᠢ ᠶᠢᠨ ᠮᠠᠰᠢᠨ ᠲᠡᠷᠭᠡ ᠶᠢᠨ ᠤᠷᠤᠭᠰᠢᠲᠠᠶ  ᠦᠩᠭᠡᠷᠡᠬᠦ ᠶᠢ ᠦᠨᠡᠨᠬᠦ ᠪᠠᠲᠤᠯᠠᠪᠠ﹀﹀ ᠭᠡᠯ᠎ᠠ᠃      ᠵᠡᠭᠦᠨ ᠬᠠᠲᠠᠪᠴᠢ ᠬᠢᠯᠢ ᠶᠢᠨ ᠪᠣᠭᠤᠮᠲᠠ ᠪᠠᠷ 8᠎ ᠠᠴᠠ ᠰᠠᠭᠤᠳᠠᠯ ᠳᠣᠷᠣᠭᠰᠢ ᠰᠠᠭᠤᠳᠠᠯ ᠲᠠᠢ ᠪᠠᠭ᠎ᠠ ᠬᠡᠯᠪᠡᠷᠢ ᠎ ᠶᠢᠨ ᠮᠠᠰᠢᠨ ᠲᠡᠷᠭᠡ ᠨᠡᠪᠲᠡᠷᠡᠬᠦ ᠶᠢ ᠰᠡᠷᠭᠦᠭᠡᠭᠰᠡᠨ ᠨᠢ ᠬᠢᠯᠢ ᠶᠢᠨ ᠪᠣᠭᠤᠮᠲᠠ ᠶᠢᠨ ᠥᠨᠳᠥᠷ ᠲᠦᠪᠰᠢᠨ ᠪᠥᠬᠦᠶ ᠨᠡᠭᠡᠭᠡᠯᠲᠡ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠰᠠ ᠨᠢᠭᠡᠨ ᠬᠦᠴᠦᠲᠡᠶ ᠠᠷᠭ᠎ᠠ ᠬᠡᠮᠵᠢᠶ᠎ᠡ ᠪᠣᠯᠤᠨ᠎ᠠ᠂ ᠡᠨᠡ ᠨᠢ ᠳᠤᠮᠳᠠᠳᠤ ᠮᠣᠩᠭᠤᠯ ᠬᠤᠶᠠᠷ ᠤᠯᠤᠰ ᠤᠨ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠵᠢᠴᠢ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠤᠯᠠᠮ ᠨᠢᠭᠡ ᠠᠯᠬᠤᠮ ᠠᠬᠢᠭᠤᠯᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠥᠲᠥᠭᠡᠨ ᠪᠠᠶᠢᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠰᠢᠨ᠎ᠡ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号