2024 ᠣᠨ ᠤ ᠪᠥᠬᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯᠳᠤᠭᠠᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/7
      ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯᠲᠠ ᠶᠢ ᠦᠨᠡᠨᠬᠦ ᠴᠢᠩᠭᠠᠳᠬᠠᠵᠤ᠂ ᠰᠢᠨ᠎ᠡ ᠪᠠᠶᠢᠳᠠᠯ ᠳᠣᠤᠷᠠᠬᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠎ ᠢ ᠦᠷᠭᠦᠯᠵᠢᠯᠡᠨ ᠰᠠᠶᠢᠲᠤᠷ ᠬᠢᠬᠦ ᠶᠢᠨ ᠲᠥᠯᠥᠭᠡ᠂ 3 ᠰᠠᠷ᠎ᠠ ᠶᠢᠨ 21᠎ ᠤ ᠡᠳᠦᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ 2024 ᠣᠨ ᠤ ᠪᠥᠬᠦ ᠬᠤᠰᠢᠭᠤᠨ ᠤ ᠠᠷᠠᠳ ᠎ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯᠳᠤᠭᠠᠨ ᠬᠤᠷᠯᠠᠳᠤᠭᠤᠯᠪᠠ᠃      ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠪᠠᠭᠠᠲᠤᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠎ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠸᠠᠩ ᠬᠤᠩ ᠶᠠᠨ ᠪᠣᠯᠣᠨ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠨᠦᠭᠦᠳ ᠬᠤᠷᠠᠯ ᠳᠤ ᠣᠷᠣᠯᠴᠠᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠦ ᠶᠠᠨ ᠬᠤᠷᠠᠯ ᠢ ᠡᠷᠭᠢᠯᠡᠪᠡ᠃      ᠬᠤᠷᠠᠯ ᠳᠡᠭᠡᠷ᠎ᠡ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢ ᠡᠷᠳᠡᠨᠢᠳᠠᠯᠠᠢ ᠠᠴᠠ 2024 ᠣᠨ ᠤ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃      ᠬᠤᠷᠠᠯ ᠠᠴᠠ ᠪᠥᠬᠦ ᠬᠤᠰᠢᠭᠤᠨ ᠤ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠎ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠵᠤ᠂ ︿︿ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2023 ᠣᠨ ᠤ ᠣᠳᠣᠨ ᠲᠠᠰ ᠤᠨ ᠠᠷᠠᠳ ᠤᠨ ᠲᠥᠯᠥᠭᠡᠯᠡᠭᠴᠢᠳ ᠤᠨ ᠦᠷᠦᠭᠡ ᠶᠢ ᠬᠥᠬᠢᠭᠦᠯᠦᠨ ᠰᠠᠶᠢᠰᠢᠶᠠᠬᠤ ᠲᠤᠬᠠᠶ ᠲᠣᠭᠲᠠᠭᠠᠯ﹀﹀᠂ ︿︿ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2023 ᠣᠨ ᠤ ᠪᠥᠬᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠡᠷᠢᠭᠦᠨ ᠤ ᠨᠢᠭᠡᠴᠡ ᠪᠠ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠬᠤ ᠲᠤᠬᠠᠶ ᠲᠣᠭᠲᠠᠭᠠᠯ﹀﹀᠎ ᠢ ᠤᠩᠰᠢᠨ ᠨᠡᠶᠢᠲᠡᠯᠡᠵᠦ᠂ 2023 ᠣᠨ ᠤ ᠣᠳᠣᠨ ᠲᠠᠰ ᠤᠨ ᠠᠷᠠᠳ ᠤᠨ ᠲᠥᠯᠥᠭᠡᠯᠡᠭᠴᠢᠳ ᠤᠨ ᠦᠷᠦᠭᠡ ᠪᠠ ᠪᠥᠬᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠡᠷᠢᠭᠦᠨ ᠤ ᠨᠢᠭᠡᠴᠡ᠂ ᠲᠡᠷᠢᠭᠦᠨ ᠤ ᠬᠤᠪᠢ ᠬᠥᠮᠦᠨ ᠢ ᠲᠤᠬᠠᠶ ᠶᠢᠨ ᠲᠠᠯᠠᠪᠠᠶ ᠳᠤ ᠬᠥᠬᠢᠭᠦᠯᠦᠨ ᠱᠠᠩᠨᠠᠵᠠᠶ᠃      ᠪᠠᠭᠠᠲᠤᠷ ᠬᠤᠷᠠᠯ ᠳᠤ ᠶᠠᠷᠢᠶ᠎ᠠ‌‍ᠲ᠋ᠠᠯᠪᠢᠵᠤ ᠴᠢᠬᠤᠯᠠᠴᠢᠯᠠᠬᠤ ᠳᠠᠭᠠᠨ᠂ ᠳᠦᠷᠢᠮᠵᠢᠭᠰᠡᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠬᠠᠨᠳᠤᠯᠭᠠᠲᠤ ᠴᠢᠨᠠᠷᠲᠠᠶ ᠪᠣᠯᠪᠠᠰᠤᠷᠠᠯ ᠰᠢᠯᠭᠠᠨ ᠪᠠᠶᠢᠴᠠᠭᠠᠯᠲᠠ ᠶᠢ ᠥᠷᠨᠢᠭᠦᠯᠬᠦ ᠪᠠᠷ ᠳᠡᠮᠵᠢᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠭᠰᠠᠨ ᠡᠯ᠎ᠡ ᠵᠦᠶᠯ ᠤᠨ ᠲᠦᠷᠢᠮ ᠠᠷᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠤᠯᠴᠠᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠎ ᠤ ᠥᠨᠳᠥᠷ ᠪᠦᠲᠦᠮᠵᠢᠲᠡᠶ ᠪᠠᠷ ᠲᠤᠰᠢᠶᠠᠯ ᠢᠶᠠᠨ ᠭᠦᠶᠴᠡᠳᠬᠡᠬᠦ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠶ᠃ ᠳᠦᠷᠢᠮᠵᠢᠭᠰᠡᠨ ᠪᠦᠲᠦᠭᠡᠨ ᠪᠠᠶᠢᠭᠤᠯᠤᠯᠲᠠ ᠪᠠᠷ ᠭᠠᠷᠲᠠᠴᠠ ᠪᠣᠯᠭᠠᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠨ ᠰᠢᠯᠭᠠᠬᠤ ᠨᠠᠷᠢᠨ ᠳᠦᠷᠢᠮ ᠢ ᠴᠢᠩᠭ᠎ᠠ ᠵᠢᠷᠤᠮᠯᠠᠨ ᠠᠵᠢᠯ ᠢᠶᠠᠨ ᠠᠬᠢᠭᠤᠯᠵᠤ᠂ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠬᠢᠨᠠᠨ ᠰᠢᠯᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠱᠠᠩᠨᠠᠨ ᠬᠥᠬᠢᠭᠦᠯᠬᠦ ᠠᠵᠢᠯ ᠢ ᠦᠷᠭᠦᠯᠵᠢᠯᠡᠨ ᠥᠷᠨᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠺᠠᠳ᠋ᠷ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠨ ᠬᠦᠭᠵᠢᠭᠡᠬᠦ ᠬᠡᠷᠡᠭᠲᠡᠢ᠃ ᠪᠠᠶᠢᠩᠭᠤ ᠶᠢᠨ ᠪᠠᠶᠢᠭᠤᠯᠤᠯᠲᠠ ᠪᠠᠷ ᠰᠠᠭᠤᠷᠢ ᠪᠣᠯᠭᠠᠵᠤ᠂ ᠲᠥᠯᠥᠭᠡᠯᠡᠭᠴᠢᠳ ᠤᠨ ᠳᠤᠭᠤᠶᠢᠯᠠᠩ ᠤᠨ ︽4115︾ ᠠᠵᠢᠯ ᠤᠨ ᠲᠣᠭᠲᠠᠴᠠ᠂ ︽1293︾ ᠵᠠᠬᠢᠳᠠᠯ ᠰᠣᠷᠪᠣᠯᠵᠢᠯᠠᠯ ᠤᠨ ᠣᠷᠣᠯᠠᠨ ᠭᠦᠶᠴᠡᠳᠬᠡᠬᠦ ᠠᠵᠢᠯ ᠤᠨ ᠲᠣᠭᠲᠠᠴᠠ ᠪᠠ ︽ᠠᠷᠠᠳ ᠤᠨ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠭᠰᠡᠨ ᠬᠤᠪᠢ ᠬᠤᠷᠠᠮᠳᠤᠭᠤᠯᠬᠤ ᠬᠠᠮᠢᠶᠠᠷᠤᠯᠲᠠ︾᠎ ᠶᠢᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠵᠡᠭᠦᠨ ᠦᠵᠦᠮᠦᠴᠢᠨ ᠎ ᠤ ᠤᠶᠤᠨᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠰᠲ᠋ᠧᠮ︾᠎ ᠤᠨ ᠬᠡᠷᠡᠭᠯᠡᠯᠲᠡ ᠶᠢᠨ ᠨᠣᠷᠮ᠎ᠠ ᠎ ᠶᠢ ᠦᠷᠭᠦᠯᠵᠢᠯᠡᠨ ᠥᠷᠭᠡᠳᠬᠡᠵᠦ᠂ ᠲᠥᠯᠥᠭᠡᠯᠡᠭᠴᠢᠳ ᠤᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠰᠠᠭᠤᠷᠢᠨ ᠭᠠᠵᠠᠷ ᠤᠨ ᠦᠶᠯᠡᠳᠦᠯ ᠢ ᠭᠦᠶᠴᠡᠳ ᠪᠠᠳᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠡᠭᠦᠷᠭᠡ ᠬᠠᠷᠢᠭᠤᠴᠠᠯᠭ᠎ᠠ ᠎ ᠪᠠᠨ ᠭᠦᠶᠴᠡᠳᠬᠡᠬᠦ ᠤᠬᠠᠮᠰᠠᠷ ᠢ ᠪᠥᠬᠦ ᠲᠠᠯ᠎ᠠ ᠪᠠᠷ ᠴᠢᠩᠭᠠᠳᠬᠠᠬᠤ ᠬᠡᠷᠡᠭᠲᠡᠶ᠃ ᠪᠠᠷᠢᠮᠵᠢᠶᠠᠵᠢᠭᠤᠯᠬᠤ ᠪᠠᠶᠢᠭᠤᠯᠤᠯᠲᠠ ᠎ ᠪᠠᠷ ᠭᠤᠣᠯᠳᠠᠯᠭ᠎ᠠ ᠪᠣᠯᠭᠠᠨ᠂ ᠪᠠᠶᠢᠭᠤᠯᠭ᠎ᠠ ᠶᠢᠨ ᠪᠠᠶᠢᠭᠤᠯᠤᠯᠲᠠ ᠶᠢ ᠡᠷᠡᠰ ᠭᠤᠶᠢᠪᠢᠰᠢ ᠦᠭᠡᠢ ᠪᠠᠷ ᠲᠡᠷᠢᠭᠦᠨ ᠪᠠᠶᠢᠷᠢᠨ ᠳᠤ ᠲᠠᠯᠪᠢᠵᠤ᠂ ︽ᠵᠢᠷᠤᠮᠵᠢᠭᠤᠯᠬᠤ᠂ ᠴᠣᠮᠬᠠᠳᠬᠠᠬᠤ᠂ ᠬᠤᠷᠳᠤᠴᠠ ᠶᠢ ᠳᠡᠭᠡᠭᠰᠢᠯᠡᠭᠦᠯᠬᠦ︾ ᠠᠵᠢᠯ ᠤᠨ ᠱᠠᠭᠠᠷᠳᠠᠯᠭ᠎ᠠ ᠶᠢ ᠦᠷᠭᠦᠯᠵᠢᠯᠡᠨ ᠭᠦᠨᠵᠡᠭᠡᠢ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠳᠦᠷᠢᠮᠵᠢᠭᠦᠯᠬᠦ᠂ ᠵᠢᠷᠤᠮᠵᠢᠭᠤᠯᠬᠤ᠂ ᠲᠡᠰ ᠲᠠᠷᠠᠭᠠᠵᠢᠭᠤᠯᠬᠤ ᠪᠠᠶᠢᠭᠤᠯᠤᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠲᠣᠭᠠᠴᠢᠯᠠᠭᠰᠠᠨ ᠤᠶᠤᠨᠴᠢᠯᠠᠭᠰᠠᠠ ᠪᠠᠶᠢᠭᠤᠯᠤᠯᠲᠠ ᠪᠠᠷ ᠲᠦᠰᠢᠭ ᠪᠣᠯᠭᠠᠵᠤ᠂ ᠮᠡᠳᠡᠭᠡ ᠵᠠᠩᠭᠢ ᠶᠢᠨ ᠤᠬᠠᠭᠤᠯᠭ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠨ᠎ᠡ ᠬᠡᠯᠪᠡᠷᠢ ᠶᠢᠨ ᠰᠦᠯᠵᠢᠶᠡᠨ ᠤ ᠵᠠᠭᠤᠴᠢᠯᠠᠭᠤᠷ ᠢ ᠭᠦᠢᠴᠡᠳ ᠠᠰᠢᠭᠯᠠᠨ ᠪᠦᠬᠦ ᠬᠤᠰᠢᠭᠤᠨ ᠎ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠬᠠᠭᠤᠯᠭ᠎ᠠ ᠶᠢᠨ ᠠᠷᠭ᠎ᠠ ᠵᠠᠮ ᠢ ᠥᠷᠭᠡᠳᠬᠡᠵᠦ᠂         ︽ᠵᠡᠭᠦᠨ ᠦᠵᠦᠮᠦᠴᠢᠨ ᠤ ᠤᠶᠤᠨᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠰᠲ᠋ᠧᠮ︾᠎ ᠤᠨ ᠤᠬᠠᠭᠤᠯᠭ᠎ᠠ ᠶᠢᠨ ᠰᠠᠭᠤᠷᠢᠨ ᠭᠠᠵᠠᠷ ᠤᠨ ᠦᠢᠯᠡᠳᠦᠯ ᠢ ᠪᠠᠳᠠᠷᠠᠭᠤᠯᠵᠤ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠡᠢ᠃      ᠬᠤᠷᠠᠯ ᠤᠨ ᠬᠤᠭᠤᠴᠠᠭᠠᠨ ᠳᠤ ᠪᠠᠰᠠ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠵᠥᠪᠯᠡᠯ ᠤᠨ ᠠᠯᠪᠠᠨ ᠬᠡᠷ ᠤᠨ ᠶᠡᠷᠦᠩᠬᠡᠶᠢᠯᠡᠭᠰᠡᠨ ᠰᠠᠯᠠᠭᠠᠨ ᠤ ᠳᠠᠷᠤᠭ᠎ᠠ ᠳ᠋ᠦ᠋ ᠭᠠᠩ ᠢ ᠤᠷᠢᠵᠤ ᠠᠷᠠᠳ ᠎ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠮᠡᠳᠡᠭᠡ ᠵᠠᠩᠭᠢ ᠶᠢᠨ ᠠᠵᠢᠯ ᠤᠨ ᠲᠤᠰᠬᠠᠶ ᠰᠡᠳᠦᠪᠲᠦ ᠪᠣᠯᠪᠠᠰᠤᠷᠠᠯ ᠥᠷᠨᠢᠭᠦᠯᠪᠡ᠃      ᠪᠦᠬᠦ ᠤᠯᠤᠰ ᠤᠨ ᠠᠷᠠᠳ ᠤᠨ ᠲᠥᠯᠥᠭᠡᠯᠡᠭᠴᠢ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ᠂ ᠡᠯ᠎ᠡ ᠰᠤᠮᠤ ᠪᠠᠯᠭᠠᠰᠤᠨ ᠤ ᠨᠠᠮ ᠵᠠᠰᠠᠭ ᠤᠨ ᠬᠠᠷᠢᠭᠤᠴᠠᠯᠭᠠᠲᠠᠨ᠂ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠬᠡᠰᠡᠭ ᠬᠤᠰᠢᠭᠤ ᠠᠷᠠᠳ ᠤᠨ ᠲᠥᠯᠥᠭᠡᠯᠡᠭᠴᠢ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠭᠤᠯᠭ᠎ᠠ ᠶᠢᠨ ᠪᠦᠬᠦ ᠺᠠᠳ᠋ᠷ ᠠᠵᠢᠯᠲᠠᠨ ᠪᠠ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠭᠴᠢ ᠬᠤᠷᠠᠯ ᠳᠤ  ᠤᠷᠤᠯᠴᠠᠵᠠᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号