ᠮᠠᠨ ᠤ ᠬᠤᠰᠢᠭᠤ ︽ᠤᠯᠠᠭᠠᠨ ᠬᠥᠬᠡ ᠠᠭᠤᠰᠤᠯᠴᠠᠬᠤ ᠶᠢ ᠦᠢᠯᠡᠳᠦᠯᠭᠡᠵᠢᠭᠦᠯᠵᠦ ᠤᠯᠤᠰ ᠢᠶᠠᠨ ᠬᠦᠴᠦᠷᠬᠡᠭᠵᠢᠭᠦᠯᠦᠨ ᠮᠠᠨᠳᠤᠭᠤᠯᠬᠤ ᠳᠤ ᠬᠦᠮᠣᠨ ᠪᠦᠬᠦᠨ ᠬᠠᠷᠢᠭᠤᠴᠠᠯᠭ᠎ᠠ ᠲᠠᠢ︾ ᠭᠤᠤᠯ ᠰᠡᠳᠦᠪᠲᠦ ᠮᠡᠳᠡᠯᠭᠡ ᠶᠢᠨ ᠤᠷᠤᠯᠳᠤᠭᠠᠨ ᠡᠷᠬᠢᠯᠡᠪᠡ
ᠨᠡᠶᠢᠲᠡᠯᠡᠭᠰᠡᠨ ᠴᠠᠭ᠄
2024/4/7
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ         ᠳᠤᠭᠤᠰᠢᠯᠠᠭᠤᠯᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠢ ᠨᠢᠭᠲᠠᠷᠠᠭᠤᠯᠬᠤ ᠶᠢᠨ ᠲᠥᠯᠥᠭᠡ᠂ 3 ᠰᠠᠷ᠎ᠠ ᠶᠢᠨ 22᠎ ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠠᠴᠠ ᠭᠤᠤᠯᠯᠠᠨ ᠡᠷᠭᠢᠯᠡᠵᠦ᠂  ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠦᠶᠯᠡᠳᠦᠯᠭᠡ ᠶᠢᠨ ᠦᠶᠯᠡᠴᠢᠯᠡᠭᠡᠨ ᠤ ᠲᠥᠪ ᠠᠴᠠ ᠳᠠᠭᠠᠭᠠᠴᠢᠯᠠᠨ ᠡᠷᠭᠢᠯᠡᠭᠰᠡᠨ ︽ᠤᠯᠠᠭᠠᠨ ᠬᠥᠬᠡ ᠠᠭᠤᠰᠤᠯᠴᠠᠬᠤ ᠶᠢ ᠦᠢᠯᠡᠳᠦᠯᠭᠡᠵᠢᠭᠦᠯᠵᠦ᠂ ᠤᠯᠤᠰ ᠢᠶᠠᠨ ᠬᠦᠴᠦᠷᠬᠡᠭᠵᠢᠭᠦᠯᠦᠨ ᠮᠠᠨᠳᠤᠭᠤᠯᠬᠤ ᠳᠤ ᠬᠦᠮᠣᠨ ᠪᠦᠬᠦᠨ ᠬᠠᠷᠢᠭᠤᠴᠠᠯᠭ᠎ᠠ ᠲᠠᠢ︾ ᠭᠤᠤᠯ ᠰᠡᠳᠦᠪᠲᠦ ᠮᠡᠳᠡᠯᠭᠡ ᠶᠢᠨ ᠤᠷᠤᠯᠳᠤᠭᠠᠨ ᠢ ᠡᠷᠬᠢᠯᠡᠨ ᠶᠠᠪᠤᠭᠳᠠᠭᠤᠯᠵᠠᠢ᠃      ᠲᠣᠰ ᠤᠳᠠᠭᠠᠨ ᠤ ᠤᠷᠤᠯᠳᠤᠭᠠᠨ ᠢ ᠪᠡᠯᠡᠳᠬᠡᠯ ᠤᠷᠤᠯᠳᠤᠭᠠᠨ ᠪᠠ ᠰᠢᠶᠳᠪᠦᠷᠢᠲᠦ ᠤᠷᠤᠯᠳᠤᠭᠠᠨ ᠬᠤᠪᠢᠶᠠᠵᠤ᠂ ᠪᠥᠬᠦ ᠬᠤᠰᠢᠭᠤᠨ ᠤ ᠡᠯ᠎ᠡ ᠰᠤᠮᠤ ᠪᠠᠯᠭᠠᠰᠤ ︵ᠲᠠᠯᠠᠪᠠᠶ︶᠎ ᠶᠢᠨ ᠨᠠᠮ ᠤᠨ ᠬᠤᠷᠢᠶ᠎ᠠ᠂ ᠬᠤᠰᠢᠭᠤ ᠨᠠᠮ ᠎ ᠤᠨ ᠬᠤᠷᠢᠶᠠᠨ ᠤ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠡᠯ᠎ᠡ ᠪᠦᠷᠢᠯᠳᠦᠬᠦᠨ ᠨᠢᠭᠡᠴᠡ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠭᠠᠯ ᠤᠨᠲᠠᠷᠠᠭᠠᠬᠤ ᠶᠡᠭᠡ ᠠᠩᠭᠢ᠂ ᠡᠯ᠎ᠡ ᠠᠷᠠᠳ ᠤᠨ ᠪᠦᠯᠬᠦᠮ ᠤᠨ 16 ᠲᠦᠯᠦᠭᠡᠯᠡᠭᠴᠢ ᠠᠩᠭᠢ ᠎ ᠶᠢᠨ 48 ᠣᠷᠣᠯᠴᠠᠭᠴᠢ ᠬᠤᠶᠠᠷ ᠳᠤᠭᠤᠶᠢᠯᠠᠩ ᠬᠤᠪᠢᠶᠠᠨ ᠪᠡᠯᠡᠳᠬᠡᠯ ᠤᠷᠤᠯᠳᠤᠭᠠᠨ ᠬᠢᠵᠦ᠂ 9 ᠲᠦᠯᠦᠭᠡᠯᠡᠭᠴᠢ ᠠᠩᠭᠢ ᠰᠢᠶᠳᠪᠦᠷᠢᠲᠦ ᠤᠷᠤᠯᠳᠤᠭᠠᠨ ᠳᠤ  ᠤᠷᠤᠯᠴᠠᠵᠠᠢ᠃      ᠤᠷᠤᠯᠳᠤᠭᠠᠨ ᠤ ᠠᠭᠤᠯᠭ᠎ᠠ ᠳᠤ ᠳᠤᠭᠤᠶᠢᠯᠠᠩ ᠤᠨ ᠵᠠᠪᠠᠯ ᠬᠠᠷᠢᠭᠤᠯᠬᠤ ᠰᠡᠳᠦᠪ᠂ ᠵᠠᠪᠳᠤᠨ ᠬᠠᠷᠢᠭᠤᠯᠬᠤ ᠰᠡᠳᠦᠪ᠂ ᠲᠦᠭᠰᠢᠭᠦᠷᠢᠲᠦ ᠰᠡᠳᠦᠪ ᠵᠡᠷᠭᠡ ᠭᠤᠷᠪᠠᠨ ᠭᠤᠭᠴᠤᠭ᠎ᠠ ᠶᠢ ᠪᠠᠭᠲᠠᠭᠠᠵᠤ᠂ ᠰᠢᠶᠳᠪᠦᠷᠢᠲᠦ ᠤᠷᠤᠯᠳᠤᠭᠠᠨ ᠎ ᠤ ᠲᠦᠷᠢᠮ ᠨᠢ ᠪᠡᠯᠡᠳᠬᠡᠯ ᠤᠷᠤᠯᠳᠤᠭᠠᠨ ᠲᠠᠢ ᠨᠢᠭᠡᠳᠦᠯᠲᠡᠶ ᠪᠥᠭᠡᠳ ᠰᠢᠶᠳᠪᠦᠷᠢᠲᠦ ᠤᠷᠤᠯᠳᠤᠭᠠᠨ ᠳᠤ ᠨᠢᠭᠡᠳᠦᠭᠡᠷ ᠎ ᠲᠤ ᠣᠷᠣᠭᠰᠠᠨ ᠡᠩᠨᠡᠭᠡ ᠨᠢ ᠵᠡᠭᠦᠨ ᠦᠵᠦᠮᠦᠴᠢᠨ ᠬᠤᠰᠢᠭᠤ ᠶᠢ ᠲᠥᠯᠥᠭᠡᠯᠡᠨ ᠪᠥᠬᠦ ᠠᠶᠢᠮᠠᠭ ᠤᠨ ᠭᠤᠤᠯ ᠰᠡᠳᠦᠪᠲᠦ ᠮᠡᠳᠡᠯᠭᠡ ᠶᠢᠨ ᠤᠷᠤᠯᠳᠤᠭᠠᠨ ᠳᠤ ᠣᠷᠣᠯᠴᠠᠬᠤ ᠪᠣᠯᠤᠨ᠎ᠠ᠃ ᠤᠷᠤᠯᠳᠤᠭᠠᠨ ᠤ ᠲᠤᠬᠠᠶ ᠶᠢᠨ ᠲᠠᠯᠠᠪᠠᠢ        ᠎ ᠳᠤ᠂ ᠤᠷᠤᠯᠳᠤᠭᠠᠨ ᠳᠤ ᠣᠷᠣᠯᠴᠠᠭᠰᠠᠳ ᠴᠤᠭ ᠵᠢᠪᠬᠤᠭ᠎ᠠ ᠲᠡᠭᠦᠯᠳᠡᠷ᠂ ᠯᠠᠪᠳᠠᠭᠤᠨ ᠲᠣᠭᠲᠠᠭᠤᠨ ᠪᠠᠶᠢᠵᠤ᠂ ᠢᠳᠡᠪᠬᠢᠲᠡᠶ ᠰᠡᠳᠬᠢᠨ ᠪᠣᠳᠣᠯᠬᠢᠯᠠᠵᠤ᠂ ᠨᠠᠷᠢᠨ ᠬᠢᠨᠠᠮᠠᠭᠠᠶ ᠬᠠᠷᠢᠭᠤᠯᠵᠤ᠂ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠶᠴᠡᠳ ᠢᠯᠡᠷᠡᠭᠦᠯᠵᠡᠢ᠃      ᠬᠤᠷᠴᠠ ᠰᠢᠷᠦᠭᠦᠨ ᠦᠷᠢᠰᠦᠯᠳᠦᠭᠡᠨ ᠢᠶᠠᠷ ᠲᠠᠮᠵᠢᠨ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠲᠦᠯᠦᠭᠡᠯᠡᠭᠴᠢ ᠠᠩᠭᠢ ᠨᠢᠭᠡᠳᠦᠭᠡᠷ ᠳᠡᠰ ᠲᠤ ᠲᠤᠳᠤᠷᠠᠵᠤ᠂ ᠬᠤᠰᠢᠭᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠲᠦᠯᠦᠭᠡᠯᠡᠭᠴᠢ ᠠᠩᠭᠢ ᠬᠤᠶᠠᠳᠤᠭᠠᠷ ᠳᠡᠰ ᠲᠤ ᠲᠤᠳᠤᠷᠠᠨ᠂ ᠬᠤᠰᠢᠭᠤ ᠠᠵᠢᠯᠴᠢᠨ ᠤ ᠶᠡᠷᠦᠩᠬᠡᠢ ᠡᠪᠯᠡᠯ᠂ ᠭᠠᠬᠢᠯ ᠰᠤᠮᠤ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠲᠦᠯᠦᠭᠡᠯᠡᠭᠴᠢ ᠠᠩᠭᠢ ᠭᠤᠷᠪᠠᠳᠤᠭᠠᠷ ᠳᠡᠰ  ᠲᠤ ᠲᠤᠳᠤᠷᠠᠵᠠᠢ᠃ ᠤᠷᠤᠯᠳᠤᠭᠠᠨ ᠤ ᠳᠠᠷᠠᠭ᠎ᠠ᠂ ᠤᠷᠤᠯᠳᠤᠭᠠᠨ ᠳᠤ ᠣᠷᠣᠯᠴᠠᠭᠰᠠᠳ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠤᠷᠤᠯᠳᠤᠭᠠᠨ ᠳᠤ ᠣᠷᠣᠯᠴᠠᠭᠰᠠᠳ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠨᠳᠦᠰᠦᠨ ᠣᠨᠣᠯ ᠪᠠ ᠴᠡᠷᠢᠭ ᠤᠨ ᠶᠠᠪᠤᠳᠠᠯ ᠤᠨ ᠮᠡᠳᠡᠯᠭᠡ ᠶᠢ ᠣᠶᠢᠯᠠᠭᠠᠵᠤ᠂ ᠬᠤᠶᠢᠰᠢᠳᠠ ᠨᠠᠮ ᠤᠨ ᠰᠢᠨ᠎ᠡ ᠶᠢ ᠡᠭᠦᠳᠬᠦ ᠣᠨᠣᠯ ᠤᠨ ᠰᠤᠷᠤᠯᠴᠠᠯᠭ᠎ᠠ ᠶᠢ ᠦᠷᠭᠦᠯᠵᠢᠯᠡᠨ ᠴᠢᠩᠭᠠᠳᠬᠠᠵᠤ᠂ ᠡᠷᠡᠰ ᠰᠢᠭᠤᠷᠬᠠᠶ ᠪᠠᠷ ᠤᠷᠤᠭᠰᠢᠯᠠᠨ ᠳᠡᠪᠰᠢᠵᠦ᠂ ᠨᠠᠩ ᠴᠤᠭ ᠪᠠᠳᠠᠷᠠᠩᠭᠤᠶ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠷᠢᠰᠢᠯ ᠢ ᠴᠢᠷᠮᠠᠶᠢᠨ ᠡᠭᠦᠳᠦᠨ᠎ᠡ ᠭᠡᠵᠡᠶ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号