ᠮᠠᠨ ᠤ ᠬᠤᠰᠢᠭᠤᠨ ᠤ ︽︿ᠮᠢᠩᠭᠠᠨ ᠲᠤᠰᠬᠤᠨ ᠵᠢᠱᠢᠶ᠎ᠠ ᠦᠵᠡᠭᠦᠯᠵᠦ᠂ ᠲᠦᠮᠡᠨ ᠲᠤᠰᠬᠤᠨ ᠴᠡᠭᠴᠡᠯᠡᠨ ᠵᠠᠰᠠᠬᠤ ᠢᠨᠵᠧᠨᠧᠷᠢᠩ﹀᠎ ᠢ ᠰᠤᠷᠤᠯᠴᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠡᠷᠴᠢᠯᠡᠬᠦ ᠲᠤᠰᠬᠠᠶ ᠰᠡᠳᠦᠪᠲᠦ ᠪᠣᠯᠪᠠᠰᠤᠷᠠᠯ ᠵᠢᠴᠢ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠠᠩᠭᠢ︾ ᠬᠠᠩᠵᠧᠦ ᠬᠤᠲᠠ ᠳᠤ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2024/4/8
      3 ᠰᠠᠷ᠎ᠠ ᠶᠢᠨ 18᠎ ᠤ ᠡᠳᠦᠷ ᠠᠴᠠ 21᠎ ᠤ ᠡᠳᠦᠷ ᠪᠣᠯᠲᠠᠯ᠎ᠠ᠂ ᠮᠠᠨ ᠤ ᠬᠤᠰᠢᠭᠤ ᠵᠧᠵᠢᠶᠠᠩ ᠮᠤᠵᠢ ᠶᠢᠨ ᠬᠠᠩᠵᠧᠦ ᠬᠤᠲᠠ ᠳᠤ  ︽〈ᠮᠢᠩᠭᠠᠨ ᠲᠤᠰᠬᠤᠨ ᠵᠢᠱᠢᠶ᠎ᠠ ᠦᠵᠡᠭᠦᠯᠵᠦ᠂ ᠲᠦᠮᠡᠨ ᠲᠤᠰᠬᠤᠨ ᠴᠡᠭᠴᠡᠯᠡᠨ ᠵᠠᠰᠠᠬᠤ ᠢᠨᠵᠧᠨᠧᠷᠢᠩ〉᠎ ᠢ ᠰᠤᠷᠤᠯᠴᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠡᠷᠴᠢᠯᠡᠬᠦ ᠲᠤᠰᠬᠠᠶ ᠰᠡᠳᠦᠪᠲᠦ ᠪᠣᠯᠪᠠᠰᠤᠷᠠᠯ ᠵᠢᠴᠢ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠠᠩᠭᠢ︾᠎ ᠶᠢ ᠡᠷᠭᠢᠯᠡᠪᠡ᠃ ᠲᠣᠰ ᠤᠳᠠᠭᠠᠨ ᠤ ᠪᠣᠯᠪᠠᠰᠤᠷᠠᠯ ᠳᠤ᠂ ᠮᠠᠨ ᠤ ᠬᠤᠰᠢᠭᠤᠨ ᠤ ᠨᠠᠮ ᠎ ᠤᠨ ᠬᠤᠷᠢᠶ᠎ᠠ ᠨᠢ ᠪᠥᠬᠦ ᠬᠤᠰᠢᠭᠤᠨ ᠤ ᠬᠡᠪᠴᠢᠶᠡᠨ ᠳᠤ ᠰᠢᠯᠢᠳᠡᠭ ᠤᠨ ᠳᠣᠲᠣᠷ᠎ᠠ ᠠᠴᠠ ᠰᠢᠯᠢᠳᠡᠭ ᠢ ᠰᠣᠩᠭᠤᠬᠤ ᠵᠠᠷᠴᠢᠮ ᠢᠶᠠᠷ 20 ᠭᠠᠷᠤᠶ ᠰᠤᠮᠤ ᠪᠠᠯᠭᠠᠰᠤ ︵ᠭᠠᠴᠠᠭ᠎ᠠ︶᠎ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠎ ᠶᠢ ᠰᠣᠩᠭᠤᠨ ᠲᠣᠮᠢᠯᠠᠵᠤ ᠵᠧᠵᠢᠶᠠᠩ ᠮᠤᠵᠢ ᠶᠢᠨ ᠬᠠᠩᠵᠧᠦ ᠬᠤᠲᠠ ᠳᠤ ᠣᠴᠢᠭᠤᠯᠤᠨ ︽ᠮᠢᠩᠭᠠᠨ ᠲᠤᠰᠬᠤᠨ ᠵᠢᠱᠢᠶ᠎ᠠ ᠦᠵᠡᠭᠦᠯᠵᠦ᠂ ᠲᠦᠮᠡᠨ ᠲᠤᠰᠬᠤᠨ ᠴᠡᠭᠴᠡᠯᠡᠨ ᠵᠠᠰᠠᠬᠤ ᠢᠨᠵᠧᠨᠧᠷᠢᠩ︾᠎ ᠤᠨ ᠲᠤᠷᠰᠢᠯᠭ᠎ᠠ ᠶᠢ ᠲᠤᠭᠤᠷᠢᠨ ᠰᠤᠷᠤᠯᠴᠠᠪᠠ᠃      ᠪᠤᠯᠪᠠᠰᠤᠷᠠᠯ ᠤᠨ ᠬᠤᠭᠤᠴᠠᠭᠠᠨ‌‍ᠳᠤ᠂ ᠪᠣᠯᠪᠠᠰᠤᠷᠠᠯ ᠳᠤ ᠣᠷᠤᠯᠴᠠᠭᠰᠠᠳ ᠲᠤᠰᠬᠠᠶ ᠰᠡᠳᠦᠪᠲᠦ ᠲᠠᠶᠢᠯᠤᠮᠵᠢ ᠎ ᠶᠢ ᠰᠣᠨᠣᠰᠬᠤ ᠪᠠᠷ ᠳᠠᠮᠵᠢᠨ᠂ ︽ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠲᠠᠯ᠎ᠠ ᠶᠢ ᠪᠠᠭᠲᠠᠭᠠᠭᠰᠠᠨ ᠲᠤᠰ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢ ᠬᠡᠷᠬᠢᠨ ᠰᠠᠶᠢᠲᠤᠷ ᠠᠳᠬᠤᠬᠤ︾ ᠵᠡᠷᠭᠡ ᠬᠢᠴᠢᠶᠡᠯ ᠢ ᠰᠤᠷᠤᠯᠴᠠᠵᠤ᠂ ᠬᠠᠩᠵᠧᠦ ᠬᠤᠲᠠ ᠶᠢᠨ ᠲᠠᠩ ᠰᠢ ᠲᠣᠰᠬᠤᠨ᠂ ᠢᠦᠢ ᠬᠠᠩ ᠵᠢᠩ ᠲᠣᠰᠬᠤᠨ᠂ ᠴᠢᠩ ᠱᠠᠨ ᠲᠣᠰᠬᠤᠨ᠂ ᠮᠧᠶ ᠯᠢᠨ ᠲᠣᠰᠬᠤᠨ ᠵᠡᠷᠭᠡ ᠭᠠᠵᠠᠷ ᠢᠶᠠᠷ ᠲᠣᠭᠤᠷᠢᠨ ᠦᠵᠡᠵᠦ᠂ ᠬᠤᠯᠪᠣᠭᠳᠠᠯ ᠪᠥᠬᠦᠶ ᠠᠵᠢᠯᠲᠠᠳ ᠎ ᠲᠠᠢ ᠰᠠᠨᠠᠯ ᠢᠶᠠᠨ ᠰᠣᠯᠢᠯᠴᠠᠵᠤ᠂ ᠲᠤᠬᠠᠶ ᠶᠢᠨ ᠭᠠᠵᠠᠷ ᠤᠨ ᠬᠥᠭᠵᠢᠯᠲᠡ ᠶᠢᠨ ᠥᠩᠭᠡᠷᠡᠯᠲᠡ᠂ ᠰᠢᠨ᠎ᠡ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠣᠶᠢᠯᠠᠭᠠᠬᠤ ᠶᠢᠨ ᠬᠠᠮᠲᠤ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠵᠠᠭᠪᠤᠷ ᠢ ᠰᠠᠶᠢᠵᠢᠷᠠᠭᠤᠯᠬᠤ᠂ ᠬᠥᠭᠵᠢᠯᠲᠡ ᠶᠢᠨ ᠰᠡᠳᠬᠢᠮᠵᠢ ᠶᠢ ᠬᠤᠪᠢᠷᠠᠭᠤᠯᠬᠤ᠂ ︽ᠮᠢᠩᠭᠠᠨ ᠲᠤᠰᠬᠤᠨ ᠵᠢᠱᠢᠶ᠎ᠠ ᠦᠵᠡᠭᠦᠯᠵᠦ᠂ ᠲᠦᠮᠡᠨ ᠲᠤᠰᠬᠤᠨ ᠴᠡᠭᠴᠡᠯᠡᠨ ᠵᠠᠰᠠᠬᠤ ᠢᠨᠵᠧᠨᠧᠷᠢᠩ︾᠎ ᠤᠨ ᠲᠤᠷᠰᠢᠯᠭ᠎ᠠ ᠶᠢ ᠡᠰᠢᠯᠡᠨ ᠬᠡᠷᠡᠭᠯᠡᠬᠦ ᠲᠠᠯ᠎ᠠ ᠪᠠᠷ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃ ᠡᠭᠦᠨ ᠤ ᠬᠠᠮᠲᠦ ︽ᠮᠢᠩᠭᠠᠨ ᠲᠤᠰᠬᠤᠨ ᠵᠢᠱᠢᠶ᠎ᠠ ᠦᠵᠡᠭᠦᠯᠵᠦ᠂ ᠲᠦᠮᠡᠨ ᠲᠤᠰᠬᠤᠨ ᠴᠡᠭᠴᠡᠯᠡᠨ ᠵᠠᠰᠠᠬᠤ ᠢᠨᠵᠧᠨᠧᠷᠢᠩ︾᠎ ᠤᠨ ᠲᠤᠷᠰᠢᠯᠭ᠎ᠠ ᠪᠠᠷ ᠬᠡᠷᠬᠢᠨ ᠨᠠᠩ ᠰᠠᠶᠢᠨ ᠲᠣᠯᠢ ᠪᠣᠯᠭᠠᠬᠤ᠂ ᠵᠢᠱᠢᠶᠡᠯᠡᠪᠡᠯ ᠲᠠᠩ ᠰᠢ ᠲᠣᠰᠬᠤᠨ ᠤ ᠠᠵᠤ ᠦᠶᠯᠡᠰ ᠤᠨ ᠠᠭᠤᠰᠤᠯᠴᠠᠨ ᠬᠥᠭᠵᠢᠬᠦ ᠪᠠ ᠬᠥᠳᠡᠭᠡ ᠲᠣᠰᠬᠤᠨ ᠤ ᠣᠨᠴᠠᠯᠢᠭᠲᠤ ᠠᠵᠤ ᠦᠶᠯᠡᠰ ᠤᠨ ᠬᠥᠭᠵᠢᠯᠲᠡ ᠶᠢ ᠠᠬᠢᠭᠤᠯᠬᠤ ᠲᠠᠯ᠎ᠠ ᠪᠠᠷ ᠬᠢ ᠨᠡᠶᠢᠲᠡᠯᠢᠭ ᠲᠤᠷᠰᠢᠯᠭ᠎ᠠ᠃ ᠢᠦᠢ ᠬᠠᠩ ᠵᠢᠩ ᠲᠣᠰᠬᠤᠨ ᠤ ᠴᠠᠢ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠲᠠᠯ᠎ᠠ ᠪᠠᠷ ᠬᠢ ᠰᠢᠨ᠎ᠡ ᠰᠡᠳᠬᠢᠴᠡ ᠎ ᠨᠢ ᠵᠢᠭᠤᠯᠴᠢᠯᠠᠯ ᠤᠨ ᠺᠣᠮᠫᠠᠨᠢ ᠪᠠᠷ ᠳᠠᠭᠠᠭᠤᠯᠤᠭᠴᠢ ᠪᠣᠯᠭᠠᠭᠰᠠᠨ᠂ ᠲᠠᠷᠢᠶᠠᠴᠢᠨ ᠡᠷᠦᠬᠡ ᠶᠢᠨ ᠬᠤᠯᠪᠣᠭᠠᠨ ᠳᠤ ᠣᠷᠣᠯᠴᠠᠭᠰᠠᠨ ᠬᠠᠮᠲᠤ ᠶᠢᠨ ᠴᠣᠭᠴᠠ ᠶᠢᠨ ᠡᠵᠡᠩᠨᠡᠯᠲᠡ ᠶᠢᠨ ᠵᠠᠭᠪᠤᠷ ᠢ ᠪᠠᠶᠢᠭᠤᠯᠬᠤ ᠪᠠᠷ ᠳᠠᠮᠵᠢᠨ᠂       ︽ᠲᠤᠬᠠᠶᠢᠯᠠᠭᠰᠠᠨ ᠠᠵᠢᠯ ᠳᠠᠭᠠᠨ ᠬᠠᠮᠲᠤ ᠪᠠᠷ ᠣᠷᠣᠰᠢᠬᠤ᠂ ᠠᠮᠢ ᠠᠬᠤᠢ ᠶᠢ ᠬᠠᠮᠲᠤ ᠪᠠᠷ ᠪᠠᠶᠢᠭᠤᠯᠬᠤ᠂ ᠠᠰᠢᠭ ᠲᠤᠰᠠ ᠶᠢ ᠬᠠᠮᠲᠤ ᠪᠠᠷ ᠡᠳ᠋ᠯᠡᠬᠦ︾ ᠰᠠᠶᠢᠨ ᠠᠷᠭ᠎ᠠ ᠪᠠᠷᠢᠯ ᠢ ᠪᠡᠶᠡᠯᠡᠭᠦᠯᠦᠭᠰᠡᠨ᠃ ᠴᠢᠩᠱᠠᠨ ᠲᠣᠰᠬᠤᠨ ᠤ ᠦᠷᠭᠦᠯᠵᠢᠯᠡᠬᠦ ᠬᠥᠭᠵᠢᠯᠲᠡ ᠶᠢᠨ ᠵᠠᠮ ᠤᠨ ᠰᠠᠶᠢᠨ ᠲᠣᠭᠲᠠᠴᠠ ᠨᠢ ᠣᠯᠠᠨ ᠲᠠᠯ᠎ᠠ ᠶᠢᠨ ᠣᠷᠣᠯᠴᠠᠭᠰᠠᠨ᠂ ᠦᠷᠭᠦᠯᠵᠢᠯᠡᠬᠦ ᠠᠮᠢ ᠠᠬᠤᠶ ᠶᠢᠨ ᠨᠥᠬᠦᠪᠥᠷᠢ ᠶᠢᠨ ᠲᠣᠭᠲᠠᠴᠠ ᠶᠢ ᠪᠠᠶᠢᠭᠤᠯᠬᠤ ᠪᠠᠷ ᠳᠠᠮᠵᠢᠨ ︽ᠤᠰᠤᠨ ᠤ ᠰᠠᠭᠤᠷᠢ ᠮᠥᠩᠭᠦ ᠶᠢ ᠰᠠᠶᠢᠵᠢᠷᠠᠭᠤᠯᠬᠤ︾ ᠢᠲᠡᠭᠡᠮᠵᠢᠲᠦ ᠨᠠᠶᠢᠳᠠᠯᠭ᠎ᠠ᠂ ︽ᠴᠢᠩᠱᠠᠨ ᠠᠭᠤᠯᠠᠨ ᠤ ᠢᠵᠢᠯ ᠲᠥᠪᠲᠦ ᠴᠤᠭᠯᠠᠷᠠᠯ︾ ᠵᠡᠷᠭᠡ ᠬᠡᠷᠡᠭ ᠵᠥᠪᠯᠡᠬᠦ ᠲᠣᠭᠲᠠᠴᠠ ᠵᠢᠴᠢ ᠤᠰᠤᠨ ᠤ ᠡᠬᠢ ᠭᠠᠵᠠᠷ ᠤᠨ ᠬᠠᠮᠠᠭᠠᠯᠠᠯᠲᠠ ᠬᠢᠭᠡᠳ ᠬᠥᠳᠡᠭᠡ ᠲᠣᠰᠬᠤᠨ ᠤ ᠪᠣᠬᠢᠷᠲᠤᠯ ᠥᠬᠡᠶ ᠬᠥᠭᠵᠢᠯᠲᠡ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠭᠰᠠᠨ᠂  ᠮᠧᠢ ᠯᠢᠨ ᠲᠣᠰᠬᠤᠨ ︽ᠲᠣᠭᠠᠴᠢᠯᠠᠭᠰᠠᠨ ᠬᠥᠳᠡᠭᠡ ᠲᠣᠰᠬᠤᠨ︾᠂ ︽ᠬᠠᠮᠲᠤ ᠪᠠᠷ ᠴᠢᠨᠡᠭᠡᠯᠢᠭᠵᠢᠬᠦ︾᠂ ︽ᠳᠣᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ︾᠎ ᠪᠠᠷ ᠤᠳᠤᠷᠢᠳᠤᠮᠵᠢ ᠪᠣᠯᠭᠠᠵᠤ᠂ ᠬᠡᠷᠡᠭᠯᠡᠭᠡᠨ ᠤ ᠴᠢᠳᠠᠪᠤᠷᠢ ᠣᠯᠭᠤᠬᠤ᠂ ᠲᠣᠭᠠᠴᠢᠯᠠᠯᠲᠠ ᠶᠢᠨ ᠴᠢᠳᠠᠪᠤᠷᠢ ᠣᠯᠭᠤᠬᠤ ᠪᠠᠷ ᠳᠠᠮᠵᠢᠭᠤᠯᠤᠨ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ᠂ ᠲᠣᠭᠠᠴᠢᠯᠠᠭᠰᠠᠨ ᠬᠥᠳᠡᠭᠡ ᠲᠣᠰᠬᠤᠨ᠂ ᠢᠷᠡᠭᠡᠳᠦᠶ ᠶᠢᠨ ᠬᠥᠳᠡᠭᠡ ᠲᠣᠰᠬᠤᠨ ᠢ ᠨᠢᠭᠡ ᠴᠣᠭᠴᠠᠵᠢᠭᠤᠯᠤᠭᠰᠠᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠎ ᠲᠠᠢ ᠨᠡᠶᠢᠭᠡᠮ ᠵᠢᠷᠤᠮ ᠤᠨ ᠰᠢᠨ᠎ᠡ ᠬᠥᠳᠡᠭᠡ ᠲᠣᠰᠬᠤᠨ ᠤ ᠰᠢᠨ᠎ᠡ ᠬᠡᠪ ᠳᠠᠭᠤᠷᠢᠶᠠᠯ ᠨᠡᠶᠢᠲᠡᠯᠢᠭ ᠲᠤᠷᠰᠢᠯᠭ᠎ᠠ ᠶᠢ ᠪᠣᠶ ᠪᠣᠯᠭᠠᠭᠰᠠᠨ ᠵᠡᠷᠭᠡ ᠶᠢ ᠭᠤᠣᠯᠳᠠᠯᠭ᠎ᠠ ᠲᠠᠢ ᠰᠤᠷᠤᠯᠴᠠᠨ᠂ ᠵᠡᠭᠦᠨ ᠦᠵᠦᠮᠦᠴᠢᠨ ᠬᠤᠰᠢᠭᠤᠨ ᠤ ᠪᠣᠳᠠᠲᠤ ᠪᠠᠶᠢᠳᠠᠯ ᠎ ᠳᠤ ᠨᠡᠶᠢᠴᠡᠭᠰᠡᠨ ᠪᠣᠬᠢᠷᠲᠤᠯ ᠥᠬᠡᠶ ᠬᠥᠭᠵᠢᠯᠲᠡ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠡᠪ ᠵᠠᠭᠪᠤᠷ ᠢ ᠬᠠᠶᠢᠨ ᠰᠦᠪᠡᠭᠴᠢᠯᠡᠵᠡᠢ᠃      ᠲᠤᠭᠤᠷᠢᠨ ᠪᠠᠶᠢᠴᠠᠭᠠᠬᠤ ᠪᠦᠯᠬᠦᠮ ᠤᠨ ᠬᠢᠨ ᠲᠤᠭᠤᠷᠢᠨ ᠦᠵᠡᠬᠦ ᠶᠢᠨ ᠳᠠᠭᠠᠤ ᠰᠤᠷᠤᠯᠴᠠᠵᠤ᠂ ᠪᠣᠳᠠᠲᠠᠢ ᠠᠵᠢᠯ ᠤᠨ ᠲᠠᠯ᠎ᠠ ᠪᠠᠷ ᠬᠢ ᠵᠥᠷᠢᠶ᠎ᠡ ᠪᠠᠨ ᠣᠯᠵᠤ ᠬᠠᠷᠠᠨ᠂ ᠰᠢᠨ᠎ᠡ ᠠᠷᠭ᠎ᠠ ᠵᠠᠮ ᠢ ᠰᠤᠷᠤᠯᠴᠠᠵᠠᠢ᠃ ᠵᠧᠵᠢᠶᠠᠩ ᠤᠨ ᠨᠡᠭᠡᠭᠡᠯᠲᠡ ᠬᠡᠲᠦᠶᠢᠳᠦᠭᠰᠡᠨ ᠰᠡᠳᠬᠢᠬᠦᠶ ᠶᠢᠨ ᠣᠶᠢᠯᠠᠭᠠᠭᠳᠠᠬᠤᠨ᠂ ᠠᠮᠢᠳᠤᠯᠢᠭ ᠪᠥᠭᠡᠳ ᠥᠨᠳᠥᠷ ᠪᠦᠲᠦᠮᠵᠢᠲᠡᠶ ᠪᠠᠶᠢᠭᠤᠯᠤᠯ ᠲᠣᠭᠲᠠᠴᠠ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠭᠰᠠᠨ ᠲᠥᠯᠥᠪᠵᠢᠭᠦᠯᠭᠡ ᠵᠢᠷᠤᠭ ᠲᠥᠯᠥᠪᠯᠡᠭᠡ ᠨᠢ ᠴᠥᠮ ᠣᠯᠠᠨ ᠳᠤ ᠭᠦᠨ ᠰᠠᠭᠤᠭᠳᠠᠯ ᠦᠯᠡᠳᠡᠭᠡᠵᠡᠶ᠃ ᠣᠯᠠᠨ ᠢᠶᠠᠷ ᠢᠶᠠᠨ ᠢᠯᠡᠷᠬᠡᠶᠢᠯᠡᠬᠦ ᠳᠡᠭᠡᠨ᠂ ᠵᠧᠵᠢᠶᠠᠩ ᠤᠨ ︽ᠮᠢᠩᠭᠠᠨ ᠲᠤᠰᠬᠤᠨ ᠵᠢᠱᠢᠶ᠎ᠠ ᠦᠵᠡᠭᠦᠯᠵᠦ᠂ ᠲᠦᠮᠡᠨ ᠲᠤᠰᠬᠤᠨ ᠴᠡᠭᠴᠡᠯᠡᠨ ᠵᠠᠰᠠᠬᠤ ᠢᠨᠵᠧᠨᠧᠷᠢᠩ︾᠎ ᠤᠨ ᠰᠠᠶᠢᠨ ᠲᠤᠷᠰᠢᠯᠭ᠎ᠠ ᠰᠠᠶᠢᠨ ᠠᠷᠭ᠎ᠠ ᠪᠠᠷᠢᠯ ᠢ ᠨᠠᠷᠢᠨ ᠬᠢᠨᠠᠮᠠᠭᠠᠶ ᠰᠤᠷᠤᠯᠴᠠᠨ ᠳᠤᠯᠢᠳᠠᠵᠤ᠂ ᠲᠣᠰᠬᠤᠨ ᠨᠤᠭᠤᠳ ᠤᠨ ᠬᠥᠭᠵᠢᠯᠲᠡ ᠶᠢᠨ ᠰᠠᠶᠢᠨᠲᠠᠶ ᠲᠠᠯ᠎ᠠ᠂ ᠳᠠᠪᠠᠭᠤᠯᠢᠭ ᠲᠠᠯ᠎ᠠ᠂ ᠬᠢᠯᠠᠰ ᠴᠡᠭ ᠢ ᠰᠤᠷᠤᠯᠴᠠᠵᠤ᠂ ᠲᠣᠰ ᠲᠣᠰ ᠤᠨ ᠭᠠᠴᠠᠭᠠᠨ ᠤ ᠪᠠᠨ ᠪᠣᠳᠠᠲᠤ ᠪᠠᠶᠢᠳᠠᠯ ᠳᠤ ᠰᠠᠭᠤᠷᠢᠯᠠᠨ ᠰᠤᠷᠤᠯᠴᠠᠬᠤ ᠬᠡᠷᠡᠭᠯᠡᠬᠦ ᠶᠢ ᠤᠶᠠᠯᠳᠤᠭᠤᠯᠬᠤ ᠭᠠᠷᠳᠠᠬᠤ ᠴᠡᠭ ᠪᠠ ᠲᠤᠰᠤᠯᠲᠠ ᠪᠠᠨ ᠣᠨᠣᠪᠴᠢᠲᠠᠶ ᠣᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ᠂ ᠮᠠᠯᠵᠢᠬᠤ ᠣᠷᠣᠨ ᠤ ᠣᠳᠣᠬᠢᠴᠢᠯᠠᠯᠲᠠ ᠶᠢ ᠪᠡᠶᠡᠯᠡᠭᠦᠯᠬᠦ ᠦᠶᠯᠡᠳᠦᠯᠭᠡ ᠶᠢᠨ ᠰᠢᠨ᠎ᠡ ᠠᠷᠭ᠎ᠠ ᠵᠠᠮ ᠢ ᠤᠯᠠᠮ ᠨᠢᠭᠡ ᠠᠯᠬᠤᠮ ᠬᠠᠶᠢᠨ ᠰᠦᠪᠡᠭᠴᠢᠯᠡᠵᠦ᠂        ︽ ᠮᠢᠩᠭᠠᠨ ᠲᠤᠰᠬᠤᠨ ᠵᠢᠱᠢᠶ᠎ᠠ ᠦᠵᠡᠭᠦᠯᠵᠦ᠂ ᠲᠦᠮᠡᠨ ᠲᠤᠰᠬᠤᠨ ᠴᠡᠭᠴᠡᠯᠡᠨ ᠵᠠᠰᠠᠬᠤ ᠢᠨᠵᠧᠨᠧᠷᠢᠩ︾᠎ ᠢ ᠵᠡᠭᠦᠨ ᠦᠵᠦᠮᠦᠴᠢᠨ ᠬᠤᠰᠢᠭᠤᠨ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠨ᠎ᠠ ᠭᠡᠵᠡᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号