ᠰᠢᠯᠢ ᠶᠢᠨ ᠭᠤᠣᠯ ᠠᠶᠢᠮᠠᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠮᠠᠨ ᠤ ᠬᠤᠰᠢᠭᠤᠨ ᠳᠤ ᠢᠷᠡᠵᠦ ᠤᠬᠠᠭᠤᠯᠤᠨ ᠲᠠᠶᠢᠯᠪᠤᠷᠢᠯᠠᠯᠲᠠ ᠬᠢᠪᠡ
ᠨᠡᠶᠢᠲᠡᠯᠡᠭᠰᠡᠨ ᠴᠠᠭ᠄
2024/4/8
      ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ ᠥᠷᠭᠡᠳᠬᠡᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠳᠠᠭᠠᠭᠤᠯᠤᠭᠴᠢ  ᠶᠢᠨ ᠦᠶᠯᠡᠳᠦᠯ ᠢ ᠭᠦᠶᠴᠡᠳ ᠪᠠᠳᠠᠷᠠᠭᠤᠯᠬᠤ ᠶᠢᠨ ᠲᠥᠯᠥᠭᠡ᠂ 3 ᠰᠠᠷ᠎ᠠ ᠶᠢᠨ 23 ᠤ ᠡᠳᠦᠷ᠂ ︽ᠨᠠᠮ ᠤᠨ ᠠᠴᠢ  ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ︾ ᠣᠯᠠᠨ ᠲᠦᠮᠡᠨᠴᠢ ᠬᠥᠮᠦᠵᠢᠯ ᠦᠶᠯᠡᠳᠦᠯᠭᠡ ᠶᠢᠨ ᠠᠵᠢᠯᠯᠠᠭ᠎ᠠ ᠶᠢᠨ  ︽ᠱᠦᠵᠢ ᠨᠢ ᠱᠦᠵᠢ ᠳᠡᠭᠡᠨ ᠤᠬᠠᠭᠤᠯᠤᠨ ᠲᠠᠶᠢᠯᠪᠤᠷᠢᠯᠠᠬᠤ︾ ᠰᠢᠯᠢ ᠶᠢᠨ ᠭᠤᠤᠯ ᠠᠶᠢᠮᠠᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠳᠥᠷᠪᠡᠳᠦᠭᠡᠷ ᠤᠬᠠᠭᠤᠯᠤᠨ ᠲᠠᠶᠢᠯᠪᠤᠷᠢᠯᠠᠬᠤ ᠪᠦᠯᠬᠦᠮ ᠮᠠᠨ ᠤ ᠬᠤᠰᠢᠭᠤᠨ ᠳᠤ ᠢᠷᠡᠵᠦ ᠤᠬᠠᠭᠤᠯᠤᠨ ᠲᠠᠶᠢᠯᠪᠤᠷᠢᠯᠠᠯᠲᠠ ᠬᠢᠵᠡᠢ᠃ ᠪᠥᠬᠦ ᠬᠤᠰᠢᠭᠤᠨ ᠤ ᠡᠯ᠎ᠡ ᠰᠤᠮᠤ ᠪᠠᠯᠭᠠᠰᠤᠨ ᠤ ᠵᠣᠬᠢᠶᠠᠨ ᠪᠠᠶᠢᠭᠤᠯᠬᠤ ᠭᠡᠰᠢᠭᠦᠨ᠂ ᠡᠯ᠎ᠡ ᠭᠠᠴᠠᠭ᠎ᠠ ︵ᠨᠡᠶᠢᠭᠡᠮ ᠲᠣᠭᠤᠷᠢᠭ︶ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠭᠠᠴᠠᠭᠠᠨ ᠳᠤ ᠲᠣᠮᠢᠯᠠᠭᠰᠠᠨ ᠨᠢᠭᠡᠳᠦᠭᠡᠷ ᠱᠦᠵᠢ ᠵᠡᠷᠭᠡ 80 ᠭᠠᠷᠤᠶ ᠬᠥᠮᠦᠨ ᠤᠬᠠᠭᠤᠯᠤᠨ ᠲᠠᠶᠢᠯᠪᠤᠷᠢᠯᠠᠬᠤ ᠶᠢ ᠰᠣᠨᠣᠰᠪᠠ᠃      ᠬᠤᠷᠠᠯ ᠳᠡᠭᠡᠷ᠎ᠡ᠂ ᠰᠢᠯᠢ ᠶᠢᠨ ᠭᠤᠣᠯ ᠠᠶᠢᠮᠠᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠳᠥᠷᠪᠡᠳᠦᠭᠡᠷ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠰᠢᠭᠤ ᠰᠤᠮᠤ ᠶᠢᠨ ᠰᠠᠶᠢᠬᠠᠠᠨᠠᠭᠤᠷ ᠭᠠᠴᠠᠭᠠᠨ ᠤ ᠨᠠᠮ ᠤᠨ ᠡᠭᠦᠷ ᠤᠨ ᠱᠦᠵᠢ ᠨᠠᠪᠴᠢ᠂ ᠤᠯᠠᠭᠠᠶ ᠬᠠᠮᠢᠶᠠᠷᠤᠯᠲᠠ ᠶᠢᠨ ᠣᠷᠣᠨ ᠤ  ᠪᠠᠶᠠᠠᠬᠤᠰᠢᠭᠤ ᠪᠠᠯᠭᠠᠰᠤᠨ ᠤ ᠤᠯᠠᠭᠠᠨᠴᠠᠪ ᠭᠠᠴᠠᠭᠠᠨ ᠤ ᠨᠠᠮ ᠤᠨ ᠡᠭᠦᠷ ᠤᠨ ᠱᠦᠵᠢ ᠯᠢ ᠰᠢᠶᠣᠤ ᠪᠥᠸᠧ᠂ ᠮᠠᠨ ᠤ ᠬᠤᠰᠢᠭᠤᠨ ᠤ ᠤᠯᠢᠶᠠᠰᠤᠲᠠᠢ ᠪᠠᠯᠭᠠᠰᠤᠨ ᠤ ᠰᠠᠭᠠᠮᠠᠢ ᠨᠡᠶᠢᠭᠡᠮ ᠲᠣᠭᠤᠷᠢᠭ  ᠤᠨ ᠨᠠᠮ ᠤᠨ ᠬᠤᠷᠢᠶᠠᠨ ᠤ ᠱᠦᠵᠢ ᠯᠢᠦ ᠪᠥᠸᠧ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ  ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠬᠤ᠂ ᠨᠠᠮ ᠤᠨ ᠪᠠᠶᠢᠭᠤᠯᠤᠯᠲᠠ ᠶᠢ ᠠᠳᠬᠤᠬᠤ  ᠶᠢᠨ ᠲᠣᠭᠤᠷᠢᠨ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ᠂ ︽ᠪᠡᠶ᠎ᠡ ᠪᠠᠷ ᠢᠶᠠᠨ ᠥᠩᠭᠡᠷᠡᠭᠦᠯᠦᠭᠴᠢ᠂ ᠭᠡᠷᠡᠴᠢᠯᠡᠭᠴᠢ᠂ ᠬᠠᠮᠲᠤ ᠡᠳ᠋ᠯᠡᠭᠴᠢ︾ ᠶᠢᠨ ᠬᠠᠷᠠᠭᠠᠰᠤ ᠠᠴᠠ ᠭᠠᠴᠠᠭ᠎ᠠ᠂ ᠨᠡᠶᠢᠭᠡᠮ ᠲᠣᠭᠤᠷᠢᠭ  ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠪᠣᠳᠠᠲᠤ ᠵᠢᠱᠢᠶ᠎ᠡ ᠪᠠᠷ ᠨᠠᠮ ᠤᠨ ᠠᠷᠪᠠᠨ ᠨᠠᠶᠮᠠᠳᠤᠭᠠᠷ ᠶᠡᠭᠡ ᠬᠤᠷᠠᠯ ᠠᠴᠠ ᠨᠠᠰᠢᠬᠢ ᠨᠠᠮ ᠤᠨ ᠲᠥᠪ ᠬᠤᠷᠢᠶᠠᠨ ᠤ ᠥᠪᠥᠷ ᠮᠣᠩᠭᠤᠯ᠂ ᠣᠷᠣᠨ ᠨᠤᠲᠤᠭ ᠤᠨ ᠬᠥᠭᠵᠢᠯᠲᠡ  ᠶᠢ ᠳᠡᠮᠵᠢᠭᠰᠡᠨ ᠠᠷᠠᠳ ᠲᠤ ᠠᠰᠢᠭ ᠬᠦᠷᠲᠡᠭᠡᠬᠦ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠪᠠ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠶᠠᠷᠢᠵᠤ᠂ ᠭᠠᠴᠠᠭ᠎ᠠ᠂ ᠨᠡᠶᠢᠭᠡᠮ ᠲᠣᠭᠤᠷᠢᠭ ᠤᠨ ᠬᠤᠲᠠ ᠬᠥᠳᠡᠭᠡ ᠶᠢᠨ ᠳᠦᠷᠰᠦ ᠪᠠᠢᠳᠠᠯ ᠪᠠ ᠠᠷᠠᠳ ᠤᠨ ᠠᠮᠢᠳᠤᠷᠠᠯ ᠤᠨ ᠡᠳᠦᠷ ᠢᠷᠡᠬᠦᠶ᠎ᠡ ᠰᠢᠨᠡᠳᠴᠦ ᠪᠠᠶᠢᠭ᠎ᠠ ᠬᠥᠭᠵᠢᠯᠲᠡ ᠬᠤᠪᠢᠷᠠᠯᠲᠠ ᠶᠢ ᠬᠤᠪᠢᠶᠠᠯᠴᠠᠵᠤ᠂ ᠬᠤᠷᠠᠯ ᠳᠤ ᠣᠷᠣᠯᠴᠠᠭᠰᠠᠨ ᠱᠦᠵᠢ ᠨᠡᠷ ᠤᠨ ︽ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ  ︾ ᠶᠢᠨ ᠲᠤᠬᠠᠶ ᠣᠶᠢᠯᠠᠭᠠᠯᠲᠠ ᠪᠠ ᠲᠥᠷᠥᠭᠳᠡᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠨᠠᠮ ᠤᠨ ᠲᠥᠪ ᠬᠤᠷᠢᠶᠠᠨ ᠤ ᠬᠢᠯᠢ ᠬᠢᠵᠠᠭᠠᠷ ᠣᠷᠣᠨ ᠳᠠᠬᠢ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠦᠨ᠂ ᠥᠷᠭᠡᠨ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠨᠠᠮ ᠢᠶᠠᠨ ᠳᠠᠭᠠᠬᠤ ᠢᠲᠡᠭᠡᠯ ᠵᠣᠷᠢᠭ  ᠢ ᠨᠢ ᠤᠯᠠᠮ ᠨᠢᠭᠡ ᠠᠯᠬᠤᠮ ᠪᠠᠲᠤᠳᠬᠠᠪᠠ  ᠃      ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠪᠬᠢ ᠪᠣᠯᠤᠨ ᠵᠣᠬᠢᠶᠠᠨ ᠪᠠᠶᠢᠭᠤᠯᠤᠯᠲᠠ ᠶᠢᠨ ᠴᠢᠳᠠᠪᠬᠢ ᠶᠢ ᠦᠷᠭᠦᠯᠵᠢᠯᠡᠨ ᠴᠢᠩᠭᠠᠳᠬᠠᠵᠤ᠂ ᠭᠤᠤᠯ ᠰᠡᠳᠦᠪ ᠭᠤᠤᠯ ᠱᠤᠭᠤᠮ ᠳᠤ ᠠᠩᠬᠠᠷᠤᠯ ᠢᠶᠠᠨ ᠲᠦᠪᠯᠡᠷᠡᠭᠦᠯᠦᠨ᠂ ᠶᠡᠷᠦᠩᠬᠡᠢ ᠱᠦᠵᠢ ᠪᠣᠯᠤᠨ ᠨᠠᠮ ᠤᠨ ᠲᠥᠪ ᠬᠤᠷᠢᠶᠠᠨ ᠤ ᠳᠣᠲᠣᠨᠣ ᠬᠠᠯᠠᠮᠵᠢᠯᠠᠯ ᠥᠪᠥᠷ ᠮᠣᠩᠭᠤᠯ ᠤᠨ ᠬᠥᠭᠵᠢᠯᠲᠡ ᠶᠢ ᠳᠡᠮᠵᠢᠬᠦ ᠳᠠᠩᠰᠠ ᠶᠢ ᠭᠤᠣᠯᠳᠠᠯᠭ᠎ᠠ ᠲᠠᠢ ᠰᠠᠶᠢᠲᠤᠷ ᠬᠡᠷᠡᠭᠯᠡᠵᠦ᠂ ᠨᠠᠮ ᠤᠨ ᠲᠥᠪ ᠬᠤᠷᠢᠶᠠᠨ ᠤ ᠣᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠤᠵᠤ ᠣᠯᠠᠨ ᠲᠦᠮᠡᠨ ᠳᠤ ᠠᠰᠢᠭ ᠬᠦᠷᠲᠡᠭᠡᠬᠦ ᠺᠠᠷᠲ ᠢ ᠰᠠᠶᠢᠲᠤᠷ  ᠬᠡᠷᠡᠭᠯᠡᠨ᠂ ᠨᠠᠮ ᠤᠨ ᠲᠥᠪ ᠬᠤᠷᠢᠶᠠᠨ ᠤ ᠦᠵᠡᠰᠬᠦᠯᠡᠩᠲᠦ ᠰᠠᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠥᠭᠵᠢᠯᠲᠡ ᠶᠢᠨ ᠵᠢᠷᠤᠭ ᠲᠥᠰᠦᠪ ᠢ ᠰᠠᠶᠢᠲᠤᠷ ᠠᠰᠢᠭᠯᠠᠨ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠰᠡᠳᠬᠢᠯᠭᠡ᠂ ᠠᠮᠤᠷ ᠲᠦᠪᠰᠢᠨ ᠤ ᠲᠥᠷᠥᠭᠳᠡᠯ ᠢᠶᠠᠷ ᠣᠯᠠᠨ ᠲᠦᠮᠡᠨ ᠤ ᠬᠥᠮᠦᠵᠢᠯ ᠦᠶᠯᠡᠳᠦᠯᠭᠡ ᠶᠢᠨ ᠠᠵᠢᠯᠯᠠᠭ᠎ᠠ ᠶᠢᠨ ᠦᠷ᠎ᠡ ᠪᠦᠲᠦᠮᠵᠢ ᠶᠢ ᠰᠢᠯᠭᠠᠵᠤ᠂ ︽ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ ᠤᠴᠢᠷ  ︾ ᠢ ᠲᠣᠳᠣᠷᠬᠠᠶ ᠶᠠᠷᠢᠵᠤ᠂ ︽ᠨᠠᠮ  ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ︾ ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠡᠯ᠎ᠡ ᠵᠦᠢᠯ ᠤᠨ ᠠᠵᠢᠯ ᠤᠨ ᠳᠤᠮᠳᠠ ᠠᠭᠤᠰᠬᠠᠨ ᠣᠷᠣᠭᠤᠯᠬᠤ ᠶᠢᠨ ᠬᠠᠮᠲᠤ ᠪᠠᠶᠢᠩᠭᠤᠵᠢᠭᠤᠯᠤᠨ ᠠᠬᠢᠭᠤᠯᠵᠤ᠂ ᠥᠷᠭᠡᠨ ᠣᠯᠠᠨ ᠲᠦᠮᠡᠨ ᠢ ᠲᠠᠰᠤᠷᠠᠯᠲᠠ ᠦᠭᠡᠢ ᠬᠥᠲᠥᠯᠥᠨ ᠵᠢᠯᠣᠭᠤᠳᠴᠤ ᠨᠠᠮ ᠤᠨ ᠠᠴᠢ ᠶᠢ ᠢᠮᠠᠭᠲᠠ ᠪᠠᠲᠤ ᠴᠡᠭᠡᠵᠢᠯᠡᠭᠦᠯᠦᠨ᠂ ᠨᠠᠮ ᠢᠶᠠᠨ ᠡᠭᠦᠷᠢᠳᠡ ᠲᠠᠭᠠᠨ ᠤᠷᠤᠭᠰᠢᠯᠠᠵᠤ᠂ ᠨᠠᠮ ᠤᠨ ︽ᠰᠠᠶᠢᠨ ᠳᠠᠭᠤᠨ︾ ᠢ ᠨᠠᠩ ᠰᠠᠶᠢᠨ ᠳᠠᠮᠵᠢᠭᠤᠯᠬᠤ ᠬᠡᠷᠡᠭᠲᠡᠢ ᠭᠡᠵᠡᠢ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号