ᠮᠠᠨ ᠤ ᠬᠤᠰᠢᠭᠤᠨ ᠤ ︽︿ᠮᠢᠩᠭᠠᠨ ᠲᠤᠰᠬᠤᠨ ᠵᠢᠱᠢᠶ᠎ᠠ ᠦᠵᠡᠭᠦᠯᠵᠦ᠂ ᠲᠦᠮᠡᠨ ᠲᠤᠰᠬᠤᠨ ᠴᠡᠭᠴᠡᠯᠡᠨ ᠵᠠᠰᠠᠬᠤ ᠢᠨᠵᠧᠨᠧᠷᠢᠩ﹀ ᠢ ᠰᠤᠷᠤᠯᠴᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠡᠷᠴᠢᠯᠡᠬᠦ ᠲᠤᠰᠬᠠᠶ ᠰᠡᠳᠦᠪᠲᠦ ᠪᠣᠯᠪᠠᠰᠤᠷᠠᠯ ᠵᠢᠴᠢ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠠᠩᠭᠢ︾ ᠬᠠᠩᠵᠧᠦ ᠬᠤᠲᠠ ᠳᠤ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2024/4/8
      3 ᠰᠠᠷ᠎ᠠ ᠶᠢᠨ 18 ᠤ ᠡᠳᠦᠷ ᠠᠴᠠ 21 ᠤ ᠡᠳᠦᠷ ᠪᠣᠯᠲᠠᠯ᠎ᠠ᠂ ᠮᠠᠨ ᠤ ᠬᠤᠰᠢᠭᠤ ᠵᠧᠵᠢᠶᠠᠩ ᠮᠤᠵᠢ ᠶᠢᠨ ᠬᠠᠩᠵᠧᠦ ᠬᠤᠲᠠ ᠳᠤ  ︽〈ᠮᠢᠩᠭᠠᠨ ᠲᠤᠰᠬᠤᠨ ᠵᠢᠱᠢᠶ᠎ᠠ ᠦᠵᠡᠭᠦᠯᠵᠦ᠂ ᠲᠦᠮᠡᠨ ᠲᠤᠰᠬᠤᠨ ᠴᠡᠭᠴᠡᠯᠡᠨ ᠵᠠᠰᠠᠬᠤ ᠢᠨᠵᠧᠨᠧᠷᠢᠩ〉 ᠢ ᠰᠤᠷᠤᠯᠴᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠡᠷᠴᠢᠯᠡᠬᠦ ᠲᠤᠰᠬᠠᠶ ᠰᠡᠳᠦᠪᠲᠦ ᠪᠣᠯᠪᠠᠰᠤᠷᠠᠯ ᠵᠢᠴᠢ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠠᠩᠭᠢ︾ ᠶᠢ ᠡᠷᠭᠢᠯᠡᠪᠡ᠃ ᠲᠣᠰ ᠤᠳᠠᠭᠠᠨ ᠤ ᠪᠣᠯᠪᠠᠰᠤᠷᠠᠯ ᠳᠤ᠂ ᠮᠠᠨ ᠤ ᠬᠤᠰᠢᠭᠤᠨ ᠤ ᠨᠠᠮ  ᠤᠨ ᠬᠤᠷᠢᠶ᠎ᠠ ᠨᠢ ᠪᠥᠬᠦ ᠬᠤᠰᠢᠭᠤᠨ ᠤ ᠬᠡᠪᠴᠢᠶᠡᠨ ᠳᠤ ᠰᠢᠯᠢᠳᠡᠭ ᠤᠨ ᠳᠣᠲᠣᠷ᠎ᠠ ᠠᠴᠠ ᠰᠢᠯᠢᠳᠡᠭ ᠢ ᠰᠣᠩᠭᠤᠬᠤ ᠵᠠᠷᠴᠢᠮ ᠢᠶᠠᠷ 20 ᠭᠠᠷᠤᠶ ᠰᠤᠮᠤ ᠪᠠᠯᠭᠠᠰᠤ ︵ᠭᠠᠴᠠᠭ᠎ᠠ︶ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ  ᠶᠢ ᠰᠣᠩᠭᠤᠨ ᠲᠣᠮᠢᠯᠠᠵᠤ ᠵᠧᠵᠢᠶᠠᠩ ᠮᠤᠵᠢ ᠶᠢᠨ ᠬᠠᠩᠵᠧᠦ ᠬᠤᠲᠠ ᠳᠤ ᠣᠴᠢᠭᠤᠯᠤᠨ ︽ᠮᠢᠩᠭᠠᠨ ᠲᠤᠰᠬᠤᠨ ᠵᠢᠱᠢᠶ᠎ᠠ ᠦᠵᠡᠭᠦᠯᠵᠦ᠂ ᠲᠦᠮᠡᠨ ᠲᠤᠰᠬᠤᠨ ᠴᠡᠭᠴᠡᠯᠡᠨ ᠵᠠᠰᠠᠬᠤ ᠢᠨᠵᠧᠨᠧᠷᠢᠩ︾ ᠤᠨ ᠲᠤᠷᠰᠢᠯᠭ᠎ᠠ ᠶᠢ ᠲᠤᠭᠤᠷᠢᠨ ᠰᠤᠷᠤᠯᠴᠠᠪᠠ᠃      ᠪᠤᠯᠪᠠᠰᠤᠷᠠᠯ ᠤᠨ ᠬᠤᠭᠤᠴᠠᠭᠠᠨ‌‍ᠳᠤ᠂ ᠪᠣᠯᠪᠠᠰᠤᠷᠠᠯ ᠳᠤ ᠣᠷᠤᠯᠴᠠᠭᠰᠠᠳ ᠲᠤᠰᠬᠠᠶ ᠰᠡᠳᠦᠪᠲᠦ ᠲᠠᠶᠢᠯᠤᠮᠵᠢ  ᠶᠢ ᠰᠣᠨᠣᠰᠬᠤ ᠪᠠᠷ ᠳᠠᠮᠵᠢᠨ᠂ ︽ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠲᠠᠯ᠎ᠠ ᠶᠢ ᠪᠠᠭᠲᠠᠭᠠᠭᠰᠠᠨ ᠲᠤᠰ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢ ᠬᠡᠷᠬᠢᠨ ᠰᠠᠶᠢᠲᠤᠷ ᠠᠳᠬᠤᠬᠤ︾ ᠵᠡᠷᠭᠡ ᠬᠢᠴᠢᠶᠡᠯ ᠢ ᠰᠤᠷᠤᠯᠴᠠᠵᠤ᠂ ᠬᠠᠩᠵᠧᠦ ᠬᠤᠲᠠ ᠶᠢᠨ ᠲᠠᠩ ᠰᠢ ᠲᠣᠰᠬᠤᠨ᠂ ᠢᠦᠢ ᠬᠠᠩ ᠵᠢᠩ ᠲᠣᠰᠬᠤᠨ᠂ ᠴᠢᠩ ᠱᠠᠨ ᠲᠣᠰᠬᠤᠨ᠂ ᠮᠧᠶ ᠯᠢᠨ ᠲᠣᠰᠬᠤᠨ ᠵᠡᠷᠭᠡ ᠭᠠᠵᠠᠷ ᠢᠶᠠᠷ ᠲᠣᠭᠤᠷᠢᠨ ᠦᠵᠡᠵᠦ᠂ ᠬᠤᠯᠪᠣᠭᠳᠠᠯ ᠪᠥᠬᠦᠶ ᠠᠵᠢᠯᠲᠠᠳ  ᠲᠠᠢ ᠰᠠᠨᠠᠯ ᠢᠶᠠᠨ ᠰᠣᠯᠢᠯᠴᠠᠵᠤ᠂ ᠲᠤᠬᠠᠶ ᠶᠢᠨ ᠭᠠᠵᠠᠷ ᠤᠨ ᠬᠥᠭᠵᠢᠯᠲᠡ ᠶᠢᠨ ᠥᠩᠭᠡᠷᠡᠯᠲᠡ᠂ ᠰᠢᠨ᠎ᠡ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠣᠶᠢᠯᠠᠭᠠᠬᠤ ᠶᠢᠨ ᠬᠠᠮᠲᠤ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠵᠠᠭᠪᠤᠷ ᠢ ᠰᠠᠶᠢᠵᠢᠷᠠᠭᠤᠯᠬᠤ᠂ ᠬᠥᠭᠵᠢᠯᠲᠡ ᠶᠢᠨ ᠰᠡᠳᠬᠢᠮᠵᠢ ᠶᠢ ᠬᠤᠪᠢᠷᠠᠭᠤᠯᠬᠤ᠂ ︽ᠮᠢᠩᠭᠠᠨ ᠲᠤᠰᠬᠤᠨ ᠵᠢᠱᠢᠶ᠎ᠠ ᠦᠵᠡᠭᠦᠯᠵᠦ᠂ ᠲᠦᠮᠡᠨ ᠲᠤᠰᠬᠤᠨ ᠴᠡᠭᠴᠡᠯᠡᠨ ᠵᠠᠰᠠᠬᠤ ᠢᠨᠵᠧᠨᠧᠷᠢᠩ︾ ᠤᠨ ᠲᠤᠷᠰᠢᠯᠭ᠎ᠠ ᠶᠢ ᠡᠰᠢᠯᠡᠨ ᠬᠡᠷᠡᠭᠯᠡᠬᠦ ᠲᠠᠯ᠎ᠠ ᠪᠠᠷ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃ ᠡᠭᠦᠨ ᠤ ᠬᠠᠮᠲᠦ ︽ᠮᠢᠩᠭᠠᠨ ᠲᠤᠰᠬᠤᠨ ᠵᠢᠱᠢᠶ᠎ᠠ ᠦᠵᠡᠭᠦᠯᠵᠦ᠂ ᠲᠦᠮᠡᠨ ᠲᠤᠰᠬᠤᠨ ᠴᠡᠭᠴᠡᠯᠡᠨ ᠵᠠᠰᠠᠬᠤ ᠢᠨᠵᠧᠨᠧᠷᠢᠩ︾ ᠤᠨ ᠲᠤᠷᠰᠢᠯᠭ᠎ᠠ ᠪᠠᠷ ᠬᠡᠷᠬᠢᠨ ᠨᠠᠩ ᠰᠠᠶᠢᠨ ᠲᠣᠯᠢ ᠪᠣᠯᠭᠠᠬᠤ᠂ ᠵᠢᠱᠢᠶᠡᠯᠡᠪᠡᠯ ᠲᠠᠩ ᠰᠢ ᠲᠣᠰᠬᠤᠨ ᠤ ᠠᠵᠤ ᠦᠶᠯᠡᠰ ᠤᠨ ᠠᠭᠤᠰᠤᠯᠴᠠᠨ ᠬᠥᠭᠵᠢᠬᠦ ᠪᠠ ᠬᠥᠳᠡᠭᠡ ᠲᠣᠰᠬᠤᠨ ᠤ ᠣᠨᠴᠠᠯᠢᠭᠲᠤ ᠠᠵᠤ ᠦᠶᠯᠡᠰ ᠤᠨ ᠬᠥᠭᠵᠢᠯᠲᠡ ᠶᠢ ᠠᠬᠢᠭᠤᠯᠬᠤ ᠲᠠᠯ᠎ᠠ ᠪᠠᠷ ᠬᠢ ᠨᠡᠶᠢᠲᠡᠯᠢᠭ ᠲᠤᠷᠰᠢᠯᠭ᠎ᠠ᠃ ᠢᠦᠢ ᠬᠠᠩ ᠵᠢᠩ ᠲᠣᠰᠬᠤᠨ ᠤ ᠴᠠᠢ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠲᠠᠯ᠎ᠠ ᠪᠠᠷ ᠬᠢ ᠰᠢᠨ᠎ᠡ ᠰᠡᠳᠬᠢᠴᠡ  ᠨᠢ ᠵᠢᠭᠤᠯᠴᠢᠯᠠᠯ ᠤᠨ ᠺᠣᠮᠫᠠᠨᠢ ᠪᠠᠷ ᠳᠠᠭᠠᠭᠤᠯᠤᠭᠴᠢ ᠪᠣᠯᠭᠠᠭᠰᠠᠨ᠂ ᠲᠠᠷᠢᠶᠠᠴᠢᠨ ᠡᠷᠦᠬᠡ ᠶᠢᠨ ᠬᠤᠯᠪᠣᠭᠠᠨ ᠳᠤ ᠣᠷᠣᠯᠴᠠᠭᠰᠠᠨ ᠬᠠᠮᠲᠤ ᠶᠢᠨ ᠴᠣᠭᠴᠠ ᠶᠢᠨ ᠡᠵᠡᠩᠨᠡᠯᠲᠡ ᠶᠢᠨ ᠵᠠᠭᠪᠤᠷ ᠢ ᠪᠠᠶᠢᠭᠤᠯᠬᠤ ᠪᠠᠷ ᠳᠠᠮᠵᠢᠨ᠂       ︽ᠲᠤᠬᠠᠶᠢᠯᠠᠭᠰᠠᠨ ᠠᠵᠢᠯ ᠳᠠᠭᠠᠨ ᠬᠠᠮᠲᠤ ᠪᠠᠷ ᠣᠷᠣᠰᠢᠬᠤ᠂ ᠠᠮᠢ ᠠᠬᠤᠢ ᠶᠢ ᠬᠠᠮᠲᠤ ᠪᠠᠷ ᠪᠠᠶᠢᠭᠤᠯᠬᠤ᠂ ᠠᠰᠢᠭ ᠲᠤᠰᠠ ᠶᠢ ᠬᠠᠮᠲᠤ ᠪᠠᠷ ᠡᠳ᠋ᠯᠡᠬᠦ︾ ᠰᠠᠶᠢᠨ ᠠᠷᠭ᠎ᠠ ᠪᠠᠷᠢᠯ ᠢ ᠪᠡᠶᠡᠯᠡᠭᠦᠯᠦᠭᠰᠡᠨ᠃ ᠴᠢᠩᠱᠠᠨ ᠲᠣᠰᠬᠤᠨ ᠤ ᠦᠷᠭᠦᠯᠵᠢᠯᠡᠬᠦ ᠬᠥᠭᠵᠢᠯᠲᠡ ᠶᠢᠨ ᠵᠠᠮ ᠤᠨ ᠰᠠᠶᠢᠨ ᠲᠣᠭᠲᠠᠴᠠ ᠨᠢ ᠣᠯᠠᠨ ᠲᠠᠯ᠎ᠠ ᠶᠢᠨ ᠣᠷᠣᠯᠴᠠᠭᠰᠠᠨ᠂ ᠦᠷᠭᠦᠯᠵᠢᠯᠡᠬᠦ ᠠᠮᠢ ᠠᠬᠤᠶ ᠶᠢᠨ ᠨᠥᠬᠦᠪᠥᠷᠢ ᠶᠢᠨ ᠲᠣᠭᠲᠠᠴᠠ ᠶᠢ ᠪᠠᠶᠢᠭᠤᠯᠬᠤ ᠪᠠᠷ ᠳᠠᠮᠵᠢᠨ ︽ᠤᠰᠤᠨ ᠤ ᠰᠠᠭᠤᠷᠢ ᠮᠥᠩᠭᠦ ᠶᠢ ᠰᠠᠶᠢᠵᠢᠷᠠᠭᠤᠯᠬᠤ︾ ᠢᠲᠡᠭᠡᠮᠵᠢᠲᠦ ᠨᠠᠶᠢᠳᠠᠯᠭ᠎ᠠ᠂ ︽ᠴᠢᠩᠱᠠᠨ ᠠᠭᠤᠯᠠᠨ ᠤ ᠢᠵᠢᠯ ᠲᠥᠪᠲᠦ ᠴᠤᠭᠯᠠᠷᠠᠯ︾ ᠵᠡᠷᠭᠡ ᠬᠡᠷᠡᠭ ᠵᠥᠪᠯᠡᠬᠦ ᠲᠣᠭᠲᠠᠴᠠ ᠵᠢᠴᠢ ᠤᠰᠤᠨ ᠤ ᠡᠬᠢ ᠭᠠᠵᠠᠷ ᠤᠨ ᠬᠠᠮᠠᠭᠠᠯᠠᠯᠲᠠ ᠬᠢᠭᠡᠳ ᠬᠥᠳᠡᠭᠡ ᠲᠣᠰᠬᠤᠨ ᠤ ᠪᠣᠬᠢᠷᠲᠤᠯ ᠥᠬᠡᠶ ᠬᠥᠭᠵᠢᠯᠲᠡ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠭᠰᠠᠨ᠂  ᠮᠧᠢ ᠯᠢᠨ ᠲᠣᠰᠬᠤᠨ ︽ᠲᠣᠭᠠᠴᠢᠯᠠᠭᠰᠠᠨ ᠬᠥᠳᠡᠭᠡ ᠲᠣᠰᠬᠤᠨ︾᠂ ︽ᠬᠠᠮᠲᠤ ᠪᠠᠷ ᠴᠢᠨᠡᠭᠡᠯᠢᠭᠵᠢᠬᠦ︾᠂ ︽ᠳᠣᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ︾ ᠪᠠᠷ ᠤᠳᠤᠷᠢᠳᠤᠮᠵᠢ ᠪᠣᠯᠭᠠᠵᠤ᠂ ᠬᠡᠷᠡᠭᠯᠡᠭᠡᠨ ᠤ ᠴᠢᠳᠠᠪᠤᠷᠢ ᠣᠯᠭᠤᠬᠤ᠂ ᠲᠣᠭᠠᠴᠢᠯᠠᠯᠲᠠ ᠶᠢᠨ ᠴᠢᠳᠠᠪᠤᠷᠢ ᠣᠯᠭᠤᠬᠤ ᠪᠠᠷ ᠳᠠᠮᠵᠢᠭᠤᠯᠤᠨ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ᠂ ᠲᠣᠭᠠᠴᠢᠯᠠᠭᠰᠠᠨ ᠬᠥᠳᠡᠭᠡ ᠲᠣᠰᠬᠤᠨ᠂ ᠢᠷᠡᠭᠡᠳᠦᠶ ᠶᠢᠨ ᠬᠥᠳᠡᠭᠡ ᠲᠣᠰᠬᠤᠨ ᠢ ᠨᠢᠭᠡ ᠴᠣᠭᠴᠠᠵᠢᠭᠤᠯᠤᠭᠰᠠᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠰᠢᠨ᠎ᠡ ᠬᠥᠳᠡᠭᠡ ᠲᠣᠰᠬᠤᠨ ᠤ ᠰᠢᠨ᠎ᠡ ᠬᠡᠪ ᠳᠠᠭᠤᠷᠢᠶᠠᠯ ᠨᠡᠶᠢᠲᠡᠯᠢᠭ ᠲᠤᠷᠰᠢᠯᠭ᠎ᠠ ᠶᠢ ᠪᠣᠶ ᠪᠣᠯᠭᠠᠭᠰᠠᠨ ᠵᠡᠷᠭᠡ ᠶᠢ ᠭᠤᠣᠯᠳᠠᠯᠭ᠎ᠠ ᠲᠠᠢ ᠰᠤᠷᠤᠯᠴᠠᠨ᠂ ᠵᠡᠭᠦᠨ ᠦᠵᠦᠮᠦᠴᠢᠨ ᠬᠤᠰᠢᠭᠤᠨ ᠤ ᠪᠣᠳᠠᠲᠤ ᠪᠠᠶᠢᠳᠠᠯ  ᠳᠤ ᠨᠡᠶᠢᠴᠡᠭᠰᠡᠨ ᠪᠣᠬᠢᠷᠲᠤᠯ ᠥᠬᠡᠶ ᠬᠥᠭᠵᠢᠯᠲᠡ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠡᠪ ᠵᠠᠭᠪᠤᠷ ᠢ ᠬᠠᠶᠢᠨ ᠰᠦᠪᠡᠭᠴᠢᠯᠡᠵᠡᠢ᠃      ᠲᠤᠭᠤᠷᠢᠨ ᠪᠠᠶᠢᠴᠠᠭᠠᠬᠤ ᠪᠦᠯᠬᠦᠮ ᠤᠨ ᠬᠢᠨ ᠲᠤᠭᠤᠷᠢᠨ ᠦᠵᠡᠬᠦ ᠶᠢᠨ ᠳᠠᠭᠠᠤ ᠰᠤᠷᠤᠯᠴᠠᠵᠤ᠂ ᠪᠣᠳᠠᠲᠠᠢ ᠠᠵᠢᠯ ᠤᠨ ᠲᠠᠯ᠎ᠠ ᠪᠠᠷ ᠬᠢ ᠵᠥᠷᠢᠶ᠎ᠡ ᠪᠠᠨ ᠣᠯᠵᠤ ᠬᠠᠷᠠᠨ᠂ ᠰᠢᠨ᠎ᠡ ᠠᠷᠭ᠎ᠠ ᠵᠠᠮ ᠢ ᠰᠤᠷᠤᠯᠴᠠᠵᠠᠢ᠃ ᠵᠧᠵᠢᠶᠠᠩ ᠤᠨ ᠨᠡᠭᠡᠭᠡᠯᠲᠡ ᠬᠡᠲᠦᠶᠢᠳᠦᠭᠰᠡᠨ ᠰᠡᠳᠬᠢᠬᠦᠶ ᠶᠢᠨ ᠣᠶᠢᠯᠠᠭᠠᠭᠳᠠᠬᠤᠨ᠂ ᠠᠮᠢᠳᠤᠯᠢᠭ ᠪᠥᠭᠡᠳ ᠥᠨᠳᠥᠷ ᠪᠦᠲᠦᠮᠵᠢᠲᠡᠶ ᠪᠠᠶᠢᠭᠤᠯᠤᠯ ᠲᠣᠭᠲᠠᠴᠠ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠭᠰᠠᠨ ᠲᠥᠯᠥᠪᠵᠢᠭᠦᠯᠭᠡ ᠵᠢᠷᠤᠭ ᠲᠥᠯᠥᠪᠯᠡᠭᠡ ᠨᠢ ᠴᠥᠮ ᠣᠯᠠᠨ ᠳᠤ ᠭᠦᠨ ᠰᠠᠭᠤᠭᠳᠠᠯ ᠦᠯᠡᠳᠡᠭᠡᠵᠡᠶ᠃ ᠣᠯᠠᠨ ᠢᠶᠠᠷ ᠢᠶᠠᠨ ᠢᠯᠡᠷᠬᠡᠶᠢᠯᠡᠬᠦ ᠳᠡᠭᠡᠨ᠂ ᠵᠧᠵᠢᠶᠠᠩ ᠤᠨ ︽ᠮᠢᠩᠭᠠᠨ ᠲᠤᠰᠬᠤᠨ ᠵᠢᠱᠢᠶ᠎ᠠ ᠦᠵᠡᠭᠦᠯᠵᠦ᠂ ᠲᠦᠮᠡᠨ ᠲᠤᠰᠬᠤᠨ ᠴᠡᠭᠴᠡᠯᠡᠨ ᠵᠠᠰᠠᠬᠤ ᠢᠨᠵᠧᠨᠧᠷᠢᠩ︾ ᠤᠨ ᠰᠠᠶᠢᠨ ᠲᠤᠷᠰᠢᠯᠭ᠎ᠠ ᠰᠠᠶᠢᠨ ᠠᠷᠭ᠎ᠠ ᠪᠠᠷᠢᠯ ᠢ ᠨᠠᠷᠢᠨ ᠬᠢᠨᠠᠮᠠᠭᠠᠶ ᠰᠤᠷᠤᠯᠴᠠᠨ ᠳᠤᠯᠢᠳᠠᠵᠤ᠂ ᠲᠣᠰᠬᠤᠨ ᠨᠤᠭᠤᠳ ᠤᠨ ᠬᠥᠭᠵᠢᠯᠲᠡ ᠶᠢᠨ ᠰᠠᠶᠢᠨᠲᠠᠶ ᠲᠠᠯ᠎ᠠ᠂ ᠳᠠᠪᠠᠭᠤᠯᠢᠭ ᠲᠠᠯ᠎ᠠ᠂ ᠬᠢᠯᠠᠰ ᠴᠡᠭ ᠢ ᠰᠤᠷᠤᠯᠴᠠᠵᠤ᠂ ᠲᠣᠰ ᠲᠣᠰ ᠤᠨ ᠭᠠᠴᠠᠭᠠᠨ ᠤ ᠪᠠᠨ ᠪᠣᠳᠠᠲᠤ ᠪᠠᠶᠢᠳᠠᠯ ᠳᠤ ᠰᠠᠭᠤᠷᠢᠯᠠᠨ ᠰᠤᠷᠤᠯᠴᠠᠬᠤ ᠬᠡᠷᠡᠭᠯᠡᠬᠦ ᠶᠢ ᠤᠶᠠᠯᠳᠤᠭᠤᠯᠬᠤ ᠭᠠᠷᠳᠠᠬᠤ ᠴᠡᠭ ᠪᠠ ᠲᠤᠰᠤᠯᠲᠠ ᠪᠠᠨ ᠣᠨᠣᠪᠴᠢᠲᠠᠶ ᠣᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ᠂ ᠮᠠᠯᠵᠢᠬᠤ ᠣᠷᠣᠨ ᠤ ᠣᠳᠣᠬᠢᠴᠢᠯᠠᠯᠲᠠ ᠶᠢ ᠪᠡᠶᠡᠯᠡᠭᠦᠯᠬᠦ ᠦᠶᠯᠡᠳᠦᠯᠭᠡ ᠶᠢᠨ ᠰᠢᠨ᠎ᠡ ᠠᠷᠭ᠎ᠠ ᠵᠠᠮ ᠢ ᠤᠯᠠᠮ ᠨᠢᠭᠡ ᠠᠯᠬᠤᠮ ᠬᠠᠶᠢᠨ ᠰᠦᠪᠡᠭᠴᠢᠯᠡᠵᠦ᠂        ︽ ᠮᠢᠩᠭᠠᠨ ᠲᠤᠰᠬᠤᠨ ᠵᠢᠱᠢᠶ᠎ᠠ ᠦᠵᠡᠭᠦᠯᠵᠦ᠂ ᠲᠦᠮᠡᠨ ᠲᠤᠰᠬᠤᠨ ᠴᠡᠭᠴᠡᠯᠡᠨ ᠵᠠᠰᠠᠬᠤ ᠢᠨᠵᠧᠨᠧᠷᠢᠩ︾ ᠢ ᠵᠡᠭᠦᠨ ᠦᠵᠦᠮᠦᠴᠢᠨ ᠬᠤᠰᠢᠭᠤᠨ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠨ᠎ᠠ ᠭᠡᠵᠡᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号