ᠮᠠᠨ ᠤ ᠣᠷᠣᠨ ᠤ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ︽ᠬᠤᠶᠠᠷ ᠵᠦᠢᠯ ᠤᠨ ᠲᠤᠷᠰᠢᠯᠲᠠ︾ ᠎ ᠶᠢᠨ ᠠᠬᠢᠴᠠ ᠪᠥᠬᠦ ᠤᠯᠤᠰ ᠲᠤ ᠲᠡᠷᠢᠭᠦᠯᠡᠪᠡ
ᠨᠡᠶᠢᠲᠡᠯᠡᠭᠰᠡᠨ ᠴᠠᠭ᠄
2024/4/9
      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠳᠤ᠂ ᠮᠠᠨ ᠤ ᠣᠷᠣᠨ ᠤ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠪᠠ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠵᠦ ᠭᠡᠷ ᠪᠠᠷᠢᠭᠰᠠᠨ ᠣᠷᠣᠨ ᠰᠠᠭᠤᠴᠠ ᠶᠢᠨ ᠲᠥᠷᠥᠯ ᠤᠨ ᠭᠡᠷ ᠪᠠᠶᠢᠰᠢᠩ ᠢ ᠲᠤᠰᠬᠠᠢ ᠴᠡᠭᠴᠡᠯᠡᠨ ᠵᠠᠰᠠᠬᠤ ᠲᠤᠷᠰᠢᠯᠲᠠ ︵ᠳᠣᠷᠣᠭᠰᠢ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ︽ᠬᠤᠶᠠᠷ ᠵᠦᠢᠯ ᠤᠨ ᠲᠤᠷᠰᠢᠯᠲᠠ︾ ᠭᠡᠵᠦ ᠲᠣᠪᠴᠢᠯᠠᠪᠠ︶᠎ ᠶᠢᠨ ᠠᠵᠢᠯ ᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠵᠠᠷᠯᠠᠨ ᠰᠠᠶᠢᠰᠢᠶᠠᠪᠠ᠃ ᠣᠳᠣᠬᠠᠨ ᠳᠤ᠂ ᠮᠠᠨ ᠤ ᠣᠷᠣᠨ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠤᠨ ᠡᠭᠦᠷᠭᠡ ᠪᠠᠨ ᠦᠨᠳᠦᠰᠦᠨ ᠳᠤ ᠪᠠᠨ ᠪᠡᠶᠡᠯᠡᠭᠦᠯᠵᠦ᠂ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠵᠦ ᠭᠡᠷ ᠪᠠᠷᠢᠭᠰᠠᠨ ᠣᠷᠣᠨ ᠰᠠᠭᠤᠴᠠ ᠶᠢᠨ ᠲᠥᠷᠥᠯ ᠤᠨ ᠭᠡᠷ ᠪᠠᠶᠢᠰᠢᠩ ᠢ ᠲᠤᠰᠬᠠᠢ ᠴᠡᠭᠴᠡᠯᠡᠨ ᠵᠠᠰᠠᠬᠤ ᠲᠤᠷᠰᠢᠯᠲᠠ ᠶᠢᠨ ᠠᠵᠢᠯ ᠤᠨ ᠠᠬᠢᠴᠠ 98%᠎ ᠠᠴᠠ ᠳᠡᠭᠡᠭᠰᠢ ᠳᠤ ᠬᠦᠷᠴᠦ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ︽ᠬᠤᠶᠠᠷ ᠵᠦᠢᠯ ᠤᠨ ᠲᠤᠷᠰᠢᠯᠲᠠ︾᠎ ᠶᠢᠨ ᠠᠬᠢᠴᠠ ᠴᠥᠮ ᠪᠥᠬᠦ ᠤᠯᠤᠰ ᠲᠤ ᠲᠡᠷᠢᠭᠦᠯᠡᠪᠡ᠃      ᠬᠢᠩᠭᠠᠨ ᠠᠶᠢᠮᠠᠭ ᠤᠨ ᠤᠯᠠᠭᠠᠨᠬᠤᠲᠠ ᠪᠥᠬᠦ ᠤᠯᠤᠰ ᠤᠨ ᠠᠩᠬᠠᠳᠠᠭᠴᠢ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠵᠦ ᠭᠡᠷ ᠪᠠᠷᠢᠭᠰᠠᠨ ᠣᠷᠣᠨ ᠰᠠᠭᠤᠴᠠ ᠶᠢᠨ ᠲᠥᠷᠥᠯ ᠤᠨ ᠭᠡᠷ ᠪᠠᠶᠢᠰᠢᠩ ᠢ ᠲᠤᠰᠬᠠᠢ ᠴᠡᠭᠴᠡᠯᠡᠨ ᠵᠠᠰᠠᠬᠤ ᠠᠵᠢᠯ ᠢ ᠦᠨᠳᠦᠰᠦᠨ ᠳᠤ ᠪᠠᠨ ᠪᠡᠶᠡᠯᠡᠭᠦᠯᠦᠭᠰᠡᠨ ᠲᠤᠷᠰᠢᠯᠲᠠ ᠶᠢᠨ ᠭᠠᠵᠠᠷ ᠣᠷᠣᠨ ᠪᠣᠯᠤᠭᠰᠠᠨ ᠤ ᠬᠤᠪᠢ ᠳᠤ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ︽ᠬᠤᠶᠠᠷ ᠵᠦᠢᠯ ᠤᠨ ᠲᠤᠷᠰᠢᠯᠲᠠ︾᠎ ᠶᠢᠨ ᠠᠵᠢᠯ ᠤᠨ ᠳᠤᠮᠳᠠ ︽ᠮᠢᠩᠭ᠎ᠠ ᠲᠦᠮᠡ ᠶᠢᠨ ᠢᠨᠵᠧᠨᠧᠷᠢᠩ︾᠎ ᠤᠨ ᠲᠤᠷᠰᠢᠯᠭ᠎ᠠ ᠶᠢ ᠢᠳᠡᠪᠬᠢᠲᠡᠢ ᠰᠤᠷᠤᠯᠴᠠᠨ ᠬᠡᠷᠡᠭᠯᠡᠵᠦ᠂ ᠬᠤᠲᠠ ᠶᠢᠨ ᠬᠡᠪᠴᠢᠶᠡᠨ ᠳᠤ ᠪᠠᠯᠭᠠᠰᠤ ᠲᠣᠰᠬᠤᠨ ᠠᠯᠤᠰᠯᠠᠨ ᠰᠢᠯᠵᠢᠭᠦᠯᠦᠨ ᠥᠭᠬᠦ᠂ ᠬᠦᠷᠢᠶᠡᠨ ᠳᠤ ᠡᠷᠦᠬᠡ ᠰᠠᠯᠭᠠᠬᠤ᠂ ︽ᠭᠤᠷᠪᠠᠨ ᠡᠷᠬᠡ ᠶᠢ ᠰᠠᠯᠭᠠᠬᠤ︾᠎ ᠶᠢ ᠳᠠᠩᠰᠠᠯᠠᠬᠤ ᠵᠡᠷᠭᠡ ᠲᠤᠷᠰᠢᠯᠭ᠎ᠠ ᠠᠷᠭ᠎ᠠ ᠬᠢᠳᠡᠯ ᠢ ᠰᠢᠨ᠎ᠡ ᠶᠢ ᠡᠭᠦᠳᠦᠨ ᠰᠦᠪᠡᠭᠴᠢᠯᠡᠪᠡ᠃ ᠲᠣᠰ ᠬᠤᠲᠠ ᠨᠢ ᠪᠥᠬᠦ ᠣᠷᠣᠨ ᠳᠤ ᠠᠩᠬᠠᠳᠠᠭᠴᠢ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠬᠢᠷᠢ ᠬᠡᠮ ᠤᠨ ᠡᠷᠬᠡ ᠶᠢᠨ ᠦᠨᠡᠮᠯᠡᠯ᠂ ᠠᠩᠬᠠᠳᠠᠭᠴᠢ ᠬᠥᠳᠡᠭᠡ ᠲᠣᠰᠬᠤᠨ ᠤ ᠭᠡᠷ ᠪᠠᠶᠢᠰᠢᠩ ︵ᠣᠷᠣᠨ ᠰᠠᠭᠤᠴᠠ ᠶᠢᠨ ᠭᠠᠵᠠᠷ︶᠎ ᠤᠨ ᠬᠡᠷᠡᠭᠯᠡᠬᠦ ᠡᠷᠬᠡ ᠶᠢ ᠰᠢᠯᠵᠢᠭᠦᠯᠦᠨ ᠡᠷᠭᠢᠯᠳᠦᠭᠦᠯᠵᠦ ᠠᠷᠠᠯᠵᠢᠶᠠᠯᠠᠬᠤ ᠬᠢᠨᠠᠨ ᠲᠣᠭᠲᠠᠭᠠᠯᠲᠠ ᠶᠢᠨ ᠦᠨᠡᠮᠯᠡᠯ᠂ ᠠᠩᠬᠠᠳᠠᠭᠴᠢ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠪᠤᠰᠤᠳ ᠵᠦᠢᠯ ᠤᠨ ᠡᠷᠬᠡ ᠶᠢᠨ ᠦᠨᠡᠮᠯᠡᠯ ᠢ ᠬᠠᠮᠤᠭ ᠤᠨ ᠲᠦᠷᠦᠭᠦᠨ ᠳᠤ ᠣᠯᠭᠤᠪᠠ᠃ ᠨᠡᠶᠢᠲᠡᠯᠡᠨ ᠬᠡᠷᠡᠭᠵᠢᠭᠦᠯᠦᠭᠰᠡᠨ ︽ᠤᠯᠠᠭᠠᠨᠬᠤᠲᠠ ᠶᠢᠨ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠡᠷᠭᠢᠯᠳᠦᠭᠦᠯᠬᠦ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾᠎ ᠨᠢ ᠤᠯᠤᠰ ᠤᠨ ᠳᠦᠷᠢᠮ ᠤᠨ ᠪᠢᠴᠢᠭ ᠮᠠᠲ᠋ᠧᠷᠢᠶᠠᠯ ᠤᠳ ᠤᠨ ᠡᠮᠬᠢᠳᠬᠡᠯ ᠳᠤ ᠰᠣᠩᠭᠤᠭᠳᠠᠨ ᠣᠷᠣᠵᠠᠢ᠃ ᠤᠯᠠᠭᠠᠨᠬᠤᠲᠠ ᠪᠠᠰᠠ ᠪᠥᠬᠦ ᠤᠯᠤᠰ ᠤᠨ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ᠲᠤᠷᠰᠢᠯᠭ᠎ᠠ ᠰᠣᠯᠢᠯᠴᠠᠬᠤ ᠬᠤᠷᠠᠯ ᠢ ᠳᠠᠭᠠᠭᠠᠨ ᠡᠷᠭᠢᠯᠡᠵᠦ᠂ ᠪᠥᠬᠦ ᠤᠯᠤᠰ ᠤᠨ ᠬᠤᠶᠠᠷ ᠵᠦᠢᠯ ᠤᠨ ᠲᠤᠷᠰᠢᠯᠲᠠ ᠶᠢᠨ ᠠᠵᠢᠯ ᠤᠨ ᠬᠤᠷᠠᠯ ᠳᠡᠭᠡᠷ᠎ᠡ ᠨᠡᠶᠢᠲᠡᠯᠢᠭ ᠶᠠᠷᠢᠶ᠎ᠠ ᠲᠠᠯᠪᠢᠵᠤ᠂ ᠣᠷᠣᠨ ᠰᠠᠭᠤᠴᠠ ᠶᠢᠨ ᠭᠠᠵᠠᠷ ᠤᠨ ᠣᠯᠠᠨ ᠵᠦᠢᠯ ᠤᠨ ᠦᠨ᠎ᠡ ᠥᠷᠲᠡᠭ ᠪᠠ ᠴᠢᠳᠠᠮᠵᠢ ᠶᠢ ᠠᠭᠤᠳᠠᠯᠬᠤ ᠪᠠᠨ ᠲᠠᠰᠤᠷᠠᠯᠲᠠ ᠦᠭᠡᠢ ᠠᠬᠢᠭᠤᠯᠵᠤ᠂ ᠭᠠᠵᠠᠷ ᠰᠢᠷᠣᠢ ᠶᠢᠨ ᠡᠬᠢ ᠪᠠᠶᠠᠯᠢᠭ ᠢ ᠪᠦᠲᠦᠮᠵᠢᠲᠡᠶ ᠠᠰᠢᠭᠯᠠᠪᠠ᠃      ᠣᠶᠢᠯᠠᠭᠠᠭᠰᠠᠨ ᠢᠶᠠᠷ᠂ ᠮᠠᠨ ᠤ ᠣᠷᠣᠨ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ︽ᠬᠤᠶᠠᠷ ᠵᠦᠢᠯ ᠤᠨ ᠲᠤᠷᠰᠢᠯᠲᠠ︾᠎ ᠶᠢᠨ ᠠᠵᠢᠯ ᠢ ᠥᠷᠨᠢᠭᠦᠯᠦᠭᠰᠡᠨ ᠠᠴᠠ ᠨᠠᠭᠠᠰᠢ᠂ ︽ᠣᠷᠣᠨ ᠰᠠᠭᠤᠴᠠ ᠶᠢ ᠪᠠᠲᠤᠯᠠᠬᠤ᠂ ᠳᠤᠷ᠎ᠠ ᠪᠠᠷ ᠢᠶᠠᠨ ᠪᠠᠷᠢᠬᠤ ᠶᠢ ᠬᠠᠮᠢᠶᠠᠷᠬᠤ᠂ ᠰᠤᠯᠠ ᠲᠠᠯᠪᠢᠭᠳᠠᠵᠤ ᠪᠠᠶᠢᠭ᠎ᠠ ᠶᠢ ᠰᠡᠷᠭᠦᠭᠡᠬᠦ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ᠬᠦᠷᠢᠶ᠎ᠡ ᠬᠠᠰᠢᠶᠠᠨ ᠤ ᠠᠵᠤ ᠠᠬᠤᠢ ᠶᠢ ᠬᠥᠭᠵᠢᠭᠦᠯᠬᠦ᠂ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ᠂ ︽ᠬᠤᠭᠤᠰᠤᠨ ᠲᠣᠰᠬᠤᠨ︾᠎ ᠢ ᠰᠡᠷᠭᠦᠭᠡᠬᠦ ᠵᠡᠷᠭᠡ ᠭᠤᠣᠯᠳᠠᠯᠭ᠎ᠠ ᠲᠠᠢ ᠠᠵᠢᠯ ᠤᠳ ᠲᠠᠢ ᠤᠶᠠᠯᠳᠤᠭᠤᠯᠤᠨ ᠨᠢᠭᠡᠳᠦᠯᠲᠡᠢ ᠲᠥᠯᠥᠪᠯᠡᠨ ᠠᠬᠢᠭᠤᠯᠪᠠ᠃ ᠣᠷᠣᠨ ᠰᠠᠭᠤᠴᠠ ᠶᠢᠨ ᠭᠠᠵᠠᠷ ᠤᠨ ᠲᠠᠷᠢᠶᠠᠴᠢᠨ ᠡᠷᠦᠬᠡ ᠶᠢᠨ ᠬᠢᠷᠢ ᠬᠡᠮ ᠤᠨ ᠡᠷᠬᠡ ᠶᠢ ᠪᠠᠲᠤᠯᠠᠬᠤ ᠲᠣᠭᠲᠠᠴᠠ᠂ ᠣᠷᠣᠨ ᠰᠠᠭᠤᠴᠠ ᠶᠢᠨ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠡᠷᠭᠢᠯᠳᠦᠭᠦᠯᠬᠦ ᠳᠦᠷᠢᠮ᠂ ᠣᠷᠣᠨ ᠰᠠᠭᠤᠴᠠ ᠶᠢᠨ ᠭᠠᠵᠠᠷ ᠤᠨ ᠬᠡᠷᠡᠭᠯᠡᠬᠦ ᠡᠷᠬᠡ ᠶᠢ ᠪᠠᠷᠢᠴᠠᠭᠠᠯᠠᠬᠤ ᠳᠦᠷᠢᠮ᠂ ᠣᠷᠣᠨ ᠰᠠᠭᠤᠴᠠ ᠶᠢᠨ ᠭᠠᠵᠠᠷ ᠤᠨ ᠰᠠᠶᠢᠨ ᠳᠤᠷ᠎ᠠ ᠠᠴᠠ ᠪᠠᠨ ᠲᠥᠯᠥᠪᠦᠷᠢ ᠲᠠᠢ ᠪᠠᠷ ᠤᠬᠤᠷᠢᠨ ᠭᠠᠷᠬᠤ ᠲᠣᠭᠲᠠᠴᠠ᠂ ᠣᠷᠣᠨ ᠰᠠᠭᠤᠴᠠ ᠶᠢᠨ ᠭᠠᠵᠠᠷ ᠢ ᠲᠦᠯᠦᠪᠦᠷᠢ ᠲᠠᠢ ᠪᠠᠷ ᠬᠡᠷᠡᠭᠯᠡᠬᠦ ᠳᠦᠷᠢᠮ ᠢ ᠬᠠᠶᠢᠨ ᠰᠦᠪᠡᠭᠴᠢᠯᠡᠵᠦ᠂ ᠣᠷᠣᠨ ᠰᠠᠭᠤᠴᠠ ᠶᠢᠨ ᠭᠠᠵᠠᠷ ᠤᠨ ᠬᠠᠮᠲᠤ ᠶᠢᠨ ᠥᠮᠴᠢᠯᠡᠯ ᠤᠨ ᠡᠷᠬᠡ ᠶᠢ ᠬᠡᠷᠡᠭᠵᠢᠭᠦᠯᠬᠦ ᠲᠣᠭᠲᠠᠴᠠ᠂ ᠣᠷᠣᠨ ᠰᠠᠭᠤᠴᠠ ᠶᠢᠨ ᠭᠠᠵᠠᠷ ᠢ ᠬᠢᠨᠠᠨ ᠵᠥᠪᠰᠢᠶᠡᠷᠡᠬᠦ ᠳᠦᠷᠢᠮ ᠢ ᠲᠡᠭᠦᠯᠳᠡᠷᠵᠢᠭᠦᠯᠦᠨ᠂ ᠣᠷᠣᠨ ᠰᠠᠭᠤᠴᠠ ᠶᠢᠨ ᠭᠠᠵᠠᠷ ᠤᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠲᠣᠭᠲᠠᠴᠠ ᠂ ᠣᠷᠣᠨ ᠰᠠᠭᠤᠴᠠ ᠶᠢᠨ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠬᠦ ︽ᠲᠠᠪᠤ ᠶᠢ ᠬᠠᠶᠢᠨ ᠰᠦᠪᠡᠭᠴᠢᠯᠡᠵᠦ᠂ ᠬᠤᠶᠠᠷ ᠢ ᠲᠡᠭᠦᠯᠳᠡᠷᠵᠢᠭᠦᠯᠦᠨ᠂ ᠬᠤᠶᠠᠷ ᠢ ᠪᠦᠷᠢᠨᠰᠢᠭᠦᠯᠬᠦ︾ ᠥᠭᠡᠷᠡᠴᠢᠯᠡᠯᠲᠡ ᠶᠢᠨ ᠠᠭᠤᠯᠭ᠎ᠠ ᠶᠢᠨ ᠲᠣᠭᠤᠷᠢᠨ ᠳᠤ ᠪᠦᠬᠦ ᠲᠠᠯ᠎ᠠ ᠪᠠᠷ ᠬᠠᠶᠢᠨ ᠰᠦᠪᠡᠭᠴᠢᠯᠡᠵᠦ᠂ ᠬᠤᠷᠢᠭ᠎ᠠ ᠱᠤᠭᠤᠮ ᠢ ᠪᠠᠲᠤ ᠰᠠᠬᠢᠬᠤ ᠮᠥᠷᠲᠡᠭᠡᠨ ᠵᠣᠷᠢᠭᠲᠠᠢ ᠪᠠᠷ ᠰᠢᠨ᠎ᠡ ᠶᠢ ᠡᠭᠦᠳᠴᠦ᠂ ᠳᠦᠷᠢᠮ ᠤᠨ ᠪᠠᠶᠢᠭᠤᠯᠤᠯᠲᠠ᠂ ᠴᠢᠯᠦᠭᠡᠲᠡᠢ ᠠᠰᠢᠭᠯᠠᠬᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠢᠳᠡᠪᠬᠢᠲᠡᠢ ᠦᠷ᠎ᠡ ᠪᠦᠲᠦᠮᠵᠢ ᠣᠯᠪᠠ᠃      ᠮᠠᠨ ᠤ ᠣᠷᠣᠨ ᠪᠠᠰᠠ ᠣᠷᠣᠨ ᠰᠠᠭᠤᠴᠠ ᠶᠢᠨ ᠭᠠᠵᠠᠷ ᠭᠤᠶᠤᠴᠢᠯᠠᠬᠤ ᠶᠢ ᠬᠢᠨᠠᠨ ᠵᠥᠪᠰᠢᠶᠡᠷᠡᠭᠦᠯᠬᠦ᠂ ᠰᠢᠯᠵᠢᠭᠦᠯᠦᠨ ᠡᠷᠭᠢᠯᠳᠦᠭᠦᠯᠬᠦ ᠠᠴᠠ ᠭᠠᠷᠬᠤ᠂ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ᠂ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ᠂ ᠴᠢᠯᠦᠭᠡᠲᠡᠢ ᠠᠰᠢᠭᠯᠠᠬᠤ ᠵᠡᠷᠭᠡ ᠪᠥᠬᠦ ᠭᠤᠭᠴᠣᠭᠠᠨ ᠤ ᠲᠣᠭᠤᠷᠢᠨ ᠳᠤ ᠪᠦᠷᠢᠨ ᠲᠥᠬᠦᠷ ᠳᠦᠷᠢᠮ ᠤᠨ ᠦᠷ᠎ᠡ ᠪᠦᠲᠦᠭᠡᠯ ᠲᠠᠢ ᠪᠣᠯᠪᠠ᠃ ᠡᠭᠦᠨ ᠤ ᠬᠠᠮᠲᠤ᠂ ᠨᠢᠭᠡ ᠪᠦᠯᠦᠭ ᠣᠷᠣᠨ ᠰᠠᠭᠤᠴᠠ ᠶᠢᠨ ᠭᠠᠵᠠᠷ ᠤᠨ ᠡᠬᠢ ᠪᠠᠶᠠᠯᠢᠭ ᠢ ᠰᠡᠷᠭᠦᠭᠡᠵᠦ᠂ ᠨᠡᠮᠡᠭᠳᠡᠯ ᠬᠠᠰᠤᠭᠳᠠᠯ ᠢ ᠬᠤᠯᠪᠣᠯᠳᠤᠭᠤᠯᠬᠤ ᠬᠡᠯᠪᠡᠷᠢ᠂ ᠠᠵᠤ ᠦᠢᠯᠡᠰ ᠤᠨ ᠬᠥᠭᠵᠢᠯᠲᠡ ᠶᠢᠨ ᠬᠡᠯᠪᠡᠷᠢ᠂ ᠬᠥᠳᠡᠭᠡ ᠲᠣᠰᠬᠤᠨ ᠤ ᠵᠢᠭᠤᠯᠴᠢᠯᠠᠯ ᠤᠨ ᠬᠡᠯᠪᠡᠷᠢ᠂ ᠬᠦᠷᠢᠶ᠎ᠡ ᠬᠠᠰᠢᠶᠠᠨ ᠤ ᠠᠵᠤ ᠠᠬᠤᠢ ᠶᠢᠨ ᠬᠡᠯᠪᠡᠷᠢ ᠵᠡᠷᠭᠡ 4 ᠵᠦᠢᠯ ᠤᠨ ᠴᠢᠯᠦᠭᠡᠲᠡᠢ ᠠᠰᠢᠭᠯᠠᠬᠤ ᠵᠠᠭᠪᠤᠷ ᠢ ᠬᠠᠶᠢᠨ ᠰᠦᠪᠡᠭᠴᠢᠯᠡᠵᠦ᠂ 2.5 ᠳ᠋ᠦᠩᠰᠢᠭᠤᠷ ᠲᠥᠭᠦᠷᠢᠭ ᠤᠨ ᠨᠡᠶᠢᠭᠡᠮ ᠤᠨ ᠬᠥᠷᠥᠩᠭᠡ ᠶᠢ ᠳᠠᠶᠢᠴᠢᠯᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠪᠠ᠃
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号