ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠡᠨ ᠠᠴᠠ | ᠦᠨᠳᠦᠰᠦᠯᠡᠪᠡᠯ᠂ ᠨᠢᠭᠡᠳᠦᠭᠡᠷ ᠤᠯᠠᠷᠢᠯ ᠳᠤ ᠪᠥᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠢ | ᠦᠷᠭᠦᠯᠵᠢᠯᠡᠨ ᠰᠠᠶᠢᠵᠢᠷᠠᠬᠤ ᠬᠠᠨᠳᠤᠰᠢ ᠲᠠᠢ ᠪᠠᠶᠢᠵᠤ᠂ ᠠᠴᠢᠶ᠎ᠠ ᠲᠡᠭᠡᠭᠡᠪᠦᠷᠢ ᠶᠢᠨ ᠬᠡᠮᠵᠢᠶ᠎ᠡ ᠨᠡᠯᠢᠶᠡᠳ ᠲᠦᠷᠭᠡᠨ | ᠨᠡᠮᠡᠭᠳᠡᠯ ᠢᠶᠠᠨ ᠪᠠᠲᠤᠯᠠᠵᠤ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠦᠢᠯᠡᠰ ᠤᠨ ᠥᠪᠡᠷ ᠤᠨ ᠥᠷᠲᠡᠭ ᠢ | ᠪᠠᠭᠤᠷᠠᠭᠤᠯᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ ᠪᠣᠳᠠᠲᠤ ᠦᠷ᠎ᠡ | ᠪᠦᠲᠦᠮᠵᠢ ᠣᠯᠪᠠ᠃ | ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠶᠡᠷᠦᠩᠬᠡᠢ ᠲᠡᠭᠡᠭᠡᠪᠦᠷᠢᠯᠡᠭᠰᠡᠨ ᠠᠴᠢᠶ᠎ᠠ ᠲᠡᠭᠡᠭᠡᠪᠦᠷᠢ ᠶᠢᠨ | ᠬᠡᠮᠵᠢᠶ᠎ᠡ 5.8 ᠳ᠋ᠦᠩᠰᠢᠭᠤᠷ ᠲᠣᠨ᠂ ᠪᠠᠷᠠᠭᠠᠨ ᠤ ᠡᠷᠭᠢᠯᠲᠡ ᠶᠢᠨ ᠬᠡᠮᠵᠢᠶ᠎ᠡ 1339.9 ᠳ᠋ᠦᠩᠰᠢᠭᠤᠷ ᠲᠣᠨ | ᠺᠢᠯᠤᠮᠧᠲᠷ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 11.2% ᠪᠠ 4.2% ᠢᠶᠠᠷ ᠨᠡᠮᠡᠭᠳᠡᠨ᠂ | 2019 ᠣᠨ ᠤ ᠠᠳᠠᠯᠢ ᠬᠤᠭᠤᠴᠠᠭᠠᠨ ᠤ ᠬᠢ ᠠᠴᠠ 34.2% ᠪᠠ 29% ᠪᠠᠷ ᠨᠡᠮᠡᠭᠳᠡᠪᠡ᠃ ᠶᠡᠷᠦᠩᠬᠡᠢ | ᠠᠶᠠᠨᠴᠢᠳ ᠲᠡᠭᠡᠭᠡᠪᠦᠷᠢ ᠶᠢᠨ ᠬᠡᠮᠵᠢᠶ᠎ᠡ ᠶᠢ 2219.1 ᠲᠦᠮᠡᠨ ᠬᠥᠮᠥᠨ ᠤᠳᠠᠭ᠎ᠠ ᠪᠡᠶᠡᠯᠡᠭᠦᠯᠵᠦ᠂ ᠠᠶᠠᠨᠴᠢᠳ ᠤᠨ | ᠡᠷᠭᠢᠯᠲᠡ ᠶᠢᠨ ᠬᠡᠮᠵᠢᠶ᠎ᠡ ᠶᠢ 52.3 ᠳ᠋ᠦᠩᠰᠢᠭᠤᠷ ᠬᠥᠮᠥᠨ ᠺᠢᠯᠤᠮᠧᠲᠷ ᠲᠤ ᠬᠦᠷᠭᠡᠵᠦ᠂ ᠠᠳᠠᠯᠢ | ᠬᠤᠭᠤᠴᠠᠭᠠᠨ ᠤ ᠬᠢ ᠠᠴᠠ 39% ᠪᠠ 31% ᠪᠠᠷ ᠨᠡᠮᠡᠭᠳᠡᠭᠦᠯᠪᠡ᠃ | ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠳᠤ 34.7 ᠳ᠋ᠦᠩᠰᠢᠭᠤᠷ ᠲᠥᠭᠦᠷᠢᠭ ᠤᠨ | ᠪᠡᠯᠡ ᠣᠷᠣᠭᠤᠯᠪᠠ᠃ ᠡᠭᠦᠨ ᠳᠤ᠂ ᠵᠠᠰᠠᠮᠠᠯ ᠵᠠᠮ ᠤᠰᠤᠨ ᠵᠠᠮ ᠳᠤ 20.5 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠵᠤ᠂ 21 ᠭᠤᠣᠯᠳᠠᠯᠭ᠎ᠠ ᠲᠠᠢ ᠵᠠᠰᠠᠮᠠᠯ ᠵᠠᠮ ᠤᠨ ᠲᠦᠰᠦᠯ ᠤᠨ 1470 ᠺᠢᠯᠤᠮᠧᠲᠷ ᠤᠨ ᠪᠠᠷᠢᠯᠭ᠎ᠠ ᠶᠢᠨ | ᠠᠵᠢᠯ ᠢ ᠰᠡᠷᠭᠦᠭᠡᠵᠦ᠂ ᠬᠥᠳᠡᠭᠡ ᠲᠣᠰᠬᠤᠨ ᠤ ᠵᠠᠰᠠᠮᠠᠯ ᠵᠠᠮ ᠤᠨ 371 ᠺᠢᠯᠣᠮᠧᠳ᠋ᠷ ᠤᠨ ᠪᠠᠷᠢᠯᠭ᠎ᠠ᠂ | ᠵᠢᠭᠤᠯᠴᠢᠯᠠᠯ ᠤᠨ ᠵᠠᠮ᠂ ᠠᠵᠤ ᠦᠢᠯᠡᠰ ᠤᠨ ᠵᠠᠮ ᠤᠨ 296 ᠺᠢᠯᠤᠮᠧᠲᠷ ᠤᠨ ᠪᠠᠷᠢᠯᠭ᠎ᠠ ᠶᠢ ᠠᠵᠢᠯ ᠡᠬᠢᠯᠡᠭᠦᠯᠦᠨ | ᠪᠦᠲᠦᠭᠡᠨ ᠪᠠᠶᠢᠭᠤᠯᠪᠠ︔ ᠲᠡᠮᠦᠷ ᠵᠠᠮ ᠳᠤ 12.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ | ᠤᠯᠠᠭᠠᠨᠴᠠᠪ ᠠᠴᠠ ᠳ᠋ᠠᠲ᠋ᠦ᠋ᠩ ᠬᠦᠷᠬᠦ ᠲᠦᠷᠭᠡᠨ ᠤ ᠲᠡᠮᠦᠷ ᠵᠠᠮ᠂ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ | ᠵᠠᠮ᠂ ᠲᠠᠶᠢᠽᠢ ᠠᠴᠠ ᠰᠢᠯᠢ ᠶᠢᠨ ᠬᠤᠲᠠ ᠬᠦᠷᠬᠦ ᠲᠡᠮᠦᠷ ᠵᠠᠮ ᠬᠢᠭᠡᠳ ᠵᠢᠨᠢᠩ ᠠᠴᠠ ᠲᠦᠩᠯᠢᠶᠣᠣ ᠬᠦᠷᠬᠦ ᠲᠡᠮᠦᠷ | ᠵᠠᠮ ᠤᠨ ᠴᠠᠬᠢᠯᠭᠠᠨᠵᠢᠭᠤᠯᠬᠤ ᠥᠭᠡᠷᠡᠴᠢᠯᠡᠯᠲᠡ ᠶᠢᠨ ᠲᠦᠰᠦᠯ ᠤᠨ ᠠᠵᠢᠯ ᠢ ᠰᠡᠷᠭᠦᠭᠡᠪᠡ︔ ᠠᠷᠠᠳ ᠤᠨ ᠠᠭᠠᠷ ᠤᠨ | ᠲᠡᠭᠡᠭᠡᠪᠦᠷᠢ ᠳᠤ 2.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠬᠥᠬᠡᠬᠤᠲᠠ ᠶᠢᠨ ᠰᠢᠨ᠎ᠡ ᠨᠢᠰᠬᠡᠯ ᠤᠨ | ᠪᠠᠭᠤᠳᠠᠯ᠂ ᠤᠯᠠᠭᠠᠨᠴᠠᠪ ᠤᠨ ᠨᠢᠰᠬᠡᠯ ᠤᠨ ᠪᠠᠭᠤᠳᠠᠯ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠢᠨᠵᠧᠨᠧᠷᠢᠩ | ᠵᠡᠷᠭᠡ 4 ᠲᠦᠰᠦᠯ ᠤᠨ ᠠᠵᠢᠯ ᠢ ᠰᠡᠷᠭᠦᠭᠡᠵᠡᠢ᠃ | ᠵᠠᠮ ᠬᠠᠷᠢᠯᠴᠠᠭ᠎ᠠ ᠲᠡᠭᠡᠭᠡᠪᠦᠷᠢ ᠶᠢᠨ ᠪᠣᠬᠢᠷᠲᠤᠯ ᠦᠭᠡᠢ ᠪᠠᠷ ᠲᠠᠰ ᠳᠡᠪᠰᠢᠭᠦᠯᠦᠨ ᠬᠡᠯᠪᠡᠷᠢ ᠪᠠᠨ | ᠬᠤᠪᠢᠷᠠᠭᠤᠯᠬᠤ ᠬᠤᠷᠳᠤᠴᠠ ᠲᠦᠷᠭᠡᠳᠴᠦ᠂ ᠲᠦᠷᠢᠶᠡᠰᠦᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠰᠣᠯᠢᠬᠤ | ᠥᠷᠲᠡᠭᠡ 2᠂ ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ ᠴᠡᠨᠡᠭᠯᠡᠬᠦ ᠫᠤᠤ 305 ᠶᠢ ᠰᠢᠨ᠎ᠡ ᠪᠠᠷ ᠪᠠᠶᠢᠭᠤᠯᠵᠤ᠂ | ᠠᠶᠢᠮᠠᠭ ᠬᠤᠲᠠ ᠶᠢᠨ ᠭᠤᠣᠯ ᠬᠤᠲᠠ ᠶᠢᠨ ᠲᠣᠭᠤᠷᠢᠭ ᠠᠴᠠ ᠭᠠᠳᠠᠨ᠎ᠠ ᠨᠡᠶᠢᠲᠡ 10490 ᠴᠠᠬᠢᠯᠭᠠᠨ ᠴᠡᠨᠡᠭᠯᠡᠬᠦ | ᠫᠤᠤ ᠪᠠᠶᠢᠭᠤᠯᠪᠠ᠃ ᠪᠥᠬᠦ ᠤᠯᠤᠰ ᠲᠤ AGV ᠬᠢᠯᠢ ᠠᠯᠤᠰᠯᠠᠨ ᠪᠣᠭᠤᠮᠲᠠ ᠥᠩᠭᠡᠷᠡᠬᠦ ᠵᠠᠭᠪᠤᠷ ᠢ ᠠᠩᠬ᠎ᠠ | ᠡᠭᠦᠳᠪᠡ — ᠭᠠᠭᠴᠠᠮᠣᠳᠤ᠂ ᠴᠡᠭᠡ ᠪᠣᠭᠤᠮᠲᠠ ᠶᠢᠨ AGV ᠲᠦᠰᠦᠯ ᠤᠨ ᠲᠡᠭᠡᠭᠡᠪᠦᠷᠢ ᠶᠢᠨ ᠬᠡᠮᠵᠢᠶ᠎ᠡ 111 | ᠲᠦᠮᠡᠨ ᠲᠣᠨ ᠳᠤ ᠬᠦᠷᠴᠦ᠂ ᠨᠢᠳᠤᠨᠤᠨ ᠤ ᠲᠡᠭᠡᠭᠡᠪᠦᠷᠢ ᠶᠢᠨ ᠶᠡᠷᠦᠩᠬᠡᠢ ᠬᠡᠮᠵᠢᠶ᠎ᠡ ᠶᠢᠨ 31% ᠳᠤ ᠬᠥᠷᠪᠡ᠃ | ᠣᠷᠳᠣᠰ ᠤᠨ ᠣᠶᠤᠨᠲᠤ ᠪᠣᠳᠠᠰ ᠤᠨ ᠬᠤᠯᠪᠣᠭ᠎ᠠ ᠶᠢᠨ ᠲᠠᠪᠴᠠᠩ᠂ ᠭᠦᠸᠧ ᠨᠧᠩ ᠰᠢᠨ ᠱᠦᠸᠧ ᠲᠡᠮᠦᠷ ᠵᠠᠮ ᠤᠨ | ᠨᠤᠨᠳᠠᠭ ᠨᠡᠭᠦᠷᠡᠰᠦᠨ ᠦᠨᠡᠰᠦ ︽ᠵᠠᠰᠠᠮᠠᠯ ᠵᠠᠮ ᠲᠡᠮᠦᠷ ᠵᠠᠮ︾ ᠤᠨ ᠬᠠᠮᠲᠤᠷᠠᠭᠰᠠᠨ ᠲᠡᠭᠡᠭᠡᠪᠦᠷᠢ ᠶᠢᠨ 2 ᠲᠦᠰᠦᠯ | ᠪᠥᠬᠦ ᠤᠯᠤᠰ ᠤᠨ ᠲᠦᠷᠦᠭᠦᠤ ᠪᠦᠯᠦᠭ ᠤᠨ 30 ︽ᠪᠣᠬᠢᠷᠲᠤᠯ ᠦᠭᠡᠢ ᠪᠠᠷᠠᠭᠠᠨ ᠤ ᠭᠦᠢᠯᠭᠡᠭᠡᠨ ᠤ ᠵᠢᠱᠢᠶ᠎ᠡ | ᠦᠵᠡᠭᠦᠯᠬᠦ ᠬᠡᠷᠡᠭ︾ ᠢᠶᠠᠷ ᠰᠣᠩᠭᠤᠭᠳᠠᠪᠠ᠃ | | |