ᠮᠠᠰᠢᠨ ᠲᠡᠷᠭᠡᠨ ᠤ ᠬᠡᠷᠡᠭᠯᠡᠭᠡ ᠶᠢ ᠠᠬᠢᠭᠤᠯᠬᠤ ᠶᠢᠨ ᠲᠥᠯᠥᠭᠡ᠂ 4 ᠳ᠋ᠦ᠋ᠭᠡᠷ ᠰᠠᠷ᠎ᠠ ᠶᠢᠨ 28 ᠤ ᠡᠳᠦᠷ᠂ | ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠵᠢᠴᠢ | ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ 5 ᠰᠠᠯᠠᠭ᠎ᠠ ᠮᠥᠴᠢᠷ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠮᠠᠰᠢᠨ ᠲᠡᠷᠭᠡᠨ ᠤ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠬᠡᠷᠡᠭᠵᠢᠭᠦᠯᠬᠦ | ᠲᠥᠰᠥᠯ︾ ︵ᠳᠣᠷᠣᠭᠰᠢ ︽ᠬᠡᠷᠡᠭᠵᠢᠭᠦᠯᠬᠦ ᠲᠥᠰᠥᠯ︾ ᠭᠡᠵᠦ ᠲᠣᠪᠴᠢᠯᠠᠪᠠ︶ ᠢ ᠳᠠᠷᠤᠮᠠᠯᠯᠠᠨ ᠲᠠᠷᠬᠠᠭᠠᠪᠠ᠃ | ︽ᠬᠡᠷᠡᠭᠵᠢᠭᠦᠯᠬᠦ ᠲᠥᠰᠥᠯ︾ ᠳᠤ ᠨᠥᠬᠦᠪᠦᠷᠢ ᠥᠭᠬᠦ ᠬᠡᠪᠴᠢᠶ᠎ᠡ ᠪᠠ ᠪᠠᠷᠢᠮᠵᠢᠶ᠎ᠠ ᠶᠢ ᠲᠣᠳᠣᠷᠬᠠᠶᠢᠯᠠᠪᠠ᠃ | 2024 ᠣᠨ ᠤ 4 ᠳ᠋ᠦ᠋ᠭᠡᠷ ᠰᠠᠷ᠎ᠠ ᠶᠢᠨ 24 ᠤ ᠡᠳᠦᠷ ᠠᠴᠠ 2024 ᠣᠨ ᠤ 12 ᠳ᠋ᠤᠭᠠᠷ ᠰᠠᠷ᠎ᠠ ᠶᠢᠨ 31 ᠤ | ᠡᠳᠦᠷ ᠪᠣᠯᠲᠠᠯ᠎ᠠ᠂ ᠬᠤᠪᠢ ᠬᠥᠮᠥᠨ ᠤ ᠬᠡᠷᠡᠭᠯᠡᠭᠴᠢᠳ ᠠᠴᠠ ᠨᠡᠷ᠎ᠡ ᠳᠡᠭᠡᠷᠡᠬᠢ ᠤᠯᠤᠰ ᠤᠨ ᠭᠤᠷᠪᠠᠳᠤᠭᠠᠷ ᠱᠠᠲᠤᠨ ᠤ | ᠪᠠᠷᠢᠮᠵᠢᠶ᠎ᠠ ᠵᠢᠴᠢ ᠲᠡᠭᠦᠨ ᠠᠴᠠ ᠳᠣᠷᠣᠭᠰᠢᠬᠢ ᠭᠠᠳᠠᠭᠰᠢᠯᠠᠭᠤᠯᠤᠯᠲᠠ ᠶᠢᠨ ᠪᠠᠷᠢᠮᠵᠢᠶᠠᠲᠤ ᠲᠣᠰᠣ ᠰᠢᠲᠠᠭᠠᠬᠤ | ᠰᠠᠭᠤᠳᠠᠯ ᠤᠨ ᠮᠠᠰᠢᠨ ᠲᠡᠷᠭᠡ ᠪᠤᠶᠤ 2018 ᠣᠨ ᠤ 4 ᠳ᠋ᠦ᠋ᠭᠡᠷ ᠰᠠᠷ᠎ᠠ ᠶᠢᠨ 30 ᠤ ᠡᠳᠦᠷ ᠠᠴᠠ ᠡᠮᠦᠨ᠎ᠡ | ︵ᠲᠣᠰ ᠡᠳᠦᠷ ᠢ ᠪᠠᠭᠲᠠᠭᠠᠨ᠎ᠠ᠂ ᠳᠣᠷᠣᠭᠰᠢ ᠠᠳᠠᠯᠢ︶ ᠳᠠᠩᠰᠠᠯᠠᠭᠤᠯᠤᠨ ᠪᠦᠷᠢᠳᠬᠡᠭᠦᠯᠦᠭᠰᠡᠨ ᠰᠢᠨ᠎ᠡ | ᠡᠨᠧᠷᠭᠢ ᠶᠢᠨ ᠰᠠᠭᠤᠳᠠᠯ ᠤᠨ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠬᠤ ᠶᠢᠨ ᠬᠠᠮᠲᠤ ᠥᠪᠡᠷᠲᠡᠭᠡᠨ ᠵᠠᠰᠠᠬᠤ | ᠣᠷᠣᠨ ᠤ ᠡᠯ᠎ᠡ ᠠᠶᠢᠮᠠᠭ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ | ᠳᠠᠩᠰᠠᠯᠠᠭᠤᠯᠤᠭᠰᠠᠨ ᠮᠠᠰᠢᠨ ᠲᠡᠷᠭᠡ ᠪᠣᠷᠣᠯᠠᠭᠤᠯᠬᠤ ᠪᠠᠶᠢᠭᠤᠯᠤᠮᠵᠢ ᠠᠴᠠ ᠰᠢᠨ᠎ᠡ ᠰᠠᠭᠤᠳᠠᠯ ᠤᠨ ᠮᠠᠰᠢᠨ ᠲᠡᠷᠭᠡ | ᠬᠤᠳᠠᠯᠳᠤᠨ ᠠᠪᠴᠤ᠂ ᠲᠤᠬᠠᠢ ᠶᠢᠨ ᠭᠠᠵᠠᠷ ᠤᠨ ᠮᠠᠰᠢᠨᠲᠤ ᠲᠡᠷᠭᠡ ᠶᠢᠨ ᠨᠢᠭᠡᠳᠦᠯᠲᠡᠢ ᠪᠣᠷᠣᠯᠠᠭᠤᠯᠤᠭᠰᠠᠨ ᠪᠠᠷᠢᠮᠲᠠ | ᠪᠢᠴᠢᠭᠦᠯᠵᠦ᠂ ᠲᠤᠬᠠᠢ ᠶᠢᠨ ᠭᠠᠵᠠᠷ ᠲᠤ ᠪᠠᠨ ᠳᠠᠩᠰᠠᠯᠠᠭᠤᠯᠤᠨ ᠫᠠᠶᠢᠰᠠ ᠡᠯᠭᠦᠪᠡᠯ᠂ ᠨᠢᠭᠡ ᠤᠳᠠᠭ᠎ᠠ ᠶᠢᠨ ᠴᠢᠨᠠᠷᠲᠠᠢ | ᠮᠠᠰᠢᠨ ᠲᠡᠷᠭᠡ ᠬᠤᠳᠠᠯᠳᠤᠨ ᠠᠪᠬᠤ ᠨᠥᠬᠦᠪᠦᠷᠢ ᠭᠤᠶᠤᠴᠢᠯᠠᠵᠤ ᠪᠣᠯᠣᠨ᠎ᠠ᠃ ᠬᠤᠪᠢ ᠬᠥᠮᠥᠨ ᠤ ᠬᠡᠷᠡᠭᠯᠡᠭᠴᠢᠳ | ᠳᠡᠭᠡᠷ᠎ᠡ ᠳᠤᠷᠠᠳᠤᠭᠰᠠᠨ ᠬᠤᠶᠠᠷ ᠲᠥᠷᠥᠯ ᠤᠨ ᠬᠠᠭᠤᠴᠢᠨ ᠲᠡᠷᠭᠡ ᠶᠢ ᠬᠡᠷᠡᠭᠯᠡᠭᠡᠨ ᠠᠴᠠ ᠭᠠᠷᠭᠠᠬᠤ ᠶᠢᠨ ᠬᠠᠮᠲᠤ | ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠤ ︽ᠲᠡᠷᠭᠡ ᠬᠥᠰᠬᠡ ᠬᠤᠳᠠᠯᠳᠤᠨ ᠠᠪᠬᠤ | ᠭᠠᠶᠢᠯᠢ ᠶᠢ ᠬᠠᠰᠤᠵᠤ ᠬᠡᠯᠲᠦᠷᠢᠭᠦᠯᠬᠦ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠡᠷᠭᠡᠨ ᠬᠡᠯᠪᠡᠷᠢ ᠶᠢᠨ ᠭᠠᠷᠴᠠᠭ︾ | ᠲᠤ ᠣᠷᠣᠭᠤᠯᠤᠭᠰᠠᠨ ᠰᠢᠨ᠎ᠡ ᠡᠨᠧᠷᠭᠢ ᠶᠢᠨ ᠰᠠᠭᠤᠳᠠᠯ ᠤᠨ ᠮᠠᠰᠢᠨ ᠢ ᠬᠤᠳᠠᠯᠳᠤᠨ ᠠᠪᠬᠤ ᠳᠤ ᠲᠡᠷᠭᠡ ᠪᠦᠷᠢ | 12000 ᠲᠥᠭᠦᠷᠢᠭ ᠤᠨ ᠨᠥᠬᠦᠪᠦᠷᠢ ᠭᠤᠶᠤᠴᠢᠯᠠᠵᠤ ᠪᠣᠯᠣᠨ᠎ᠠ︔ ᠤᠯᠤᠰ ᠤᠨ ᠭᠤᠷᠪᠠᠳᠤᠭᠠᠷ ᠱᠠᠲᠤᠨ ᠤ | ᠪᠠᠷᠢᠮᠵᠢᠶ᠎ᠠ ᠵᠢᠴᠢ ᠲᠡᠭᠦᠨ ᠠᠴᠠ ᠳᠣᠷᠣᠭᠰᠢᠬᠢ ᠭᠠᠳᠠᠭᠰᠢᠯᠠᠭᠤᠯᠤᠯᠲᠠ ᠶᠢᠨ ᠪᠠᠷᠢᠮᠵᠢᠶᠠᠲᠤ ᠲᠣᠰᠣ ᠰᠢᠲᠠᠭᠠᠬᠤ | ᠰᠠᠭᠤᠳᠠᠯ ᠤᠨ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠬᠤ ᠶᠢᠨ ᠬᠠᠮᠲᠤ 2.0L ︵ᠪᠠᠭᠲᠠᠨ᠎ᠠ︶ | ᠭᠠᠳᠠᠭᠰᠢᠯᠠᠭᠤᠯᠬᠤ ᠪᠠᠷᠢᠮᠵᠢᠶ᠎ᠠ ᠠᠴᠠ ᠳᠣᠷᠣᠭᠰᠢᠬᠢ ᠲᠣᠰᠣ ᠰᠢᠲᠠᠭᠠᠬᠤ ᠰᠠᠭᠤᠳᠠᠯ ᠤᠨ ᠮᠠᠰᠢᠨ ᠲᠡᠷᠭᠡ ᠬᠤᠳᠠᠯᠳᠤᠨ | ᠠᠪᠬᠤ ᠳᠤ ᠲᠡᠷᠭᠡ ᠪᠦᠷᠢ 9000 ᠲᠥᠭᠦᠷᠢᠭ ᠤᠨ ᠨᠥᠬᠦᠪᠦᠷᠢ ᠭᠤᠶᠤᠴᠢᠯᠠᠵᠤ ᠪᠣᠯᠣᠨ᠎ᠠ᠃ | ︽ᠬᠡᠷᠡᠭᠵᠢᠭᠦᠯᠬᠦ ᠲᠥᠰᠥᠯ︾ ᠳᠤ ᠨᠥᠬᠦᠪᠦᠷᠢ ᠶᠢ ᠭᠤᠶᠤᠴᠢᠯᠠᠬᠤ ᠴᠣᠪᠣᠷᠠᠯ ᠢ ᠲᠣᠳᠣᠷᠬᠠᠶᠢᠯᠠᠪᠠ᠃ | ᠨᠥᠬᠦᠴᠡᠯ ᠳᠤ ᠨᠡᠶᠢᠴᠡᠭᠰᠡᠨ ᠬᠤᠪᠢ ᠬᠥᠮᠥᠨ ᠤ ᠬᠡᠷᠡᠭᠯᠡᠭᠴᠢᠳ 2025 ᠣᠨ ᠤ 1 ᠳ᠋ᠦ᠋ᠭᠡᠷ ᠰᠠᠷ᠎ᠠ ᠶᠢᠨ 10 ᠤ | ᠡᠳᠦᠷ ᠠᠴᠠ ᠡᠮᠦᠨ᠎ᠡ᠂ ᠪᠥᠬᠦ ᠤᠯᠤᠰ ᠤᠨ ᠮᠠᠰᠢᠨ ᠲᠡᠷᠭᠡᠨ ᠤ ᠭᠦᠢᠯᠭᠡᠭᠡᠨ ᠤ ᠮᠡᠳᠡᠭᠡ ᠵᠠᠩᠭᠢ ᠶᠢᠨ | ᠬᠠᠮᠢᠶᠠᠷᠤᠯᠲᠠ ᠶᠢᠨ ᠰᠢᠰᠲ᠋ᠧᠮ ᠤᠨ ᠰᠦᠯᠵᠢᠶᠡᠨ ᠥᠷᠲᠡᠭᠡ ᠪᠤᠶᠤ ︽ᠮᠠᠰᠢᠨ ᠲᠡᠷᠭᠡ ᠶᠢ ᠬᠠᠭᠤᠴᠢᠨ ᠢᠶᠠᠷ ᠰᠢᠨ᠎ᠡ ᠶᠢ | ᠰᠣᠯᠢᠬᠤ︾ ᠵᠢᠵᠢᠭ ᠫᠷᠦᠭᠷᠡᠮ ᠳᠤ ᠭᠠᠷᠬᠤ ᠪᠠᠷ ᠳᠠᠮᠵᠢᠭᠤᠯᠤᠨ᠂ ᠨᠥᠬᠦᠪᠦᠷᠢ ᠶᠢ ᠭᠥᠯᠢᠶᠡᠨ ᠠᠪᠴᠤ ᠰᠢᠢᠳᠪᠦᠷᠢᠯᠡᠬᠦ | ᠭᠠᠵᠠᠷ ︵ᠳᠠᠷᠤᠢ ︽ᠮᠠᠰᠢᠨᠲᠤ ᠲᠡᠷᠭᠡᠨ ᠤ ᠪᠣᠷᠤᠯᠠᠭᠤᠯᠭ᠎ᠠ ᠶᠢᠨ ᠨᠢᠭᠡᠳᠦᠯᠲᠡᠢ ᠪᠠᠷᠢᠮᠲᠠ︾ ᠪᠢᠴᠢᠵᠦ ᠥᠭᠭᠦᠭᠰᠡᠨ | ᠭᠠᠵᠠᠷ︶ ᠲᠤ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠦᠷᠢ ᠭᠤᠶᠤᠴᠢᠯᠠᠬᠤ ᠪᠥᠭᠡᠳ ᠬᠠᠮᠢᠶ᠎ᠠ ᠪᠦᠬᠦᠢ | ᠮᠠᠲ᠋ᠧᠷᠢᠶᠠᠯ ᠢᠶᠠᠨ ᠲᠤᠰᠢᠶᠠᠵᠤ᠂ ᠬᠢᠨᠠᠨ ᠬᠠᠷᠭᠤᠭᠤᠯᠤᠭᠠᠳ ᠮᠡᠳᠡᠭᠡ ᠵᠠᠩᠭᠢ ᠨᠢ ᠦᠨᠡᠨ ᠪᠣᠳᠠᠲᠠᠢ ᠪᠥᠭᠡᠳ ᠪᠦᠷᠢᠨ | ᠭᠦᠢᠴᠡᠳ ᠪᠠᠶᠢᠵᠤ᠂ ᠨᠥᠬᠦᠪᠦᠷᠢ ᠥᠭᠬᠦ ᠨᠥᠬᠦᠴᠡᠯ ᠳᠤ ᠨᠡᠶᠢᠴᠡᠭᠰᠡᠨ ᠪᠠᠶᠢᠪᠠᠯ ᠬᠢᠨᠠᠨ ᠬᠠᠷᠭᠤᠭᠤᠯᠵᠤ | ᠪᠠᠲᠤᠯᠠᠭᠤᠯᠤᠨ᠎ᠠ᠃ | ︽ᠬᠡᠷᠡᠭᠵᠢᠭᠦᠯᠬᠦ ᠲᠥᠰᠥᠯ︾ ᠳᠤ ᠪᠡᠯᠡ ᠮᠥᠩᠭᠦ ᠶᠢᠨ ᠢᠷᠡᠯᠲᠡ᠂ ᠰᠢᠯᠵᠢᠭᠦᠯᠦᠨ ᠥᠭᠬᠦ ᠠᠷᠭ᠎ᠠ ᠮᠠᠶ᠋ᠢᠭ ᠵᠢᠴᠢ | ᠬᠢᠨᠠᠯᠲᠠ ᠬᠠᠮᠢᠶᠠᠷᠤᠯᠲᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠪᠠ᠃ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ | ᠬᠤᠭᠤᠴᠠᠭᠠᠨ ᠳᠤ᠂ ᠲᠥᠪ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠨᠢ ᠨᠥᠬᠦᠴᠡᠯ ᠳᠤ ᠨᠡᠶᠢᠴᠡᠬᠦ | ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠲᠡᠷᠭᠡ ᠬᠥᠰᠬᠡ ᠶᠢᠨ ᠨᠥᠬᠦᠪᠦᠷᠢ ᠶᠢᠨ ᠪᠡᠯᠡ ᠮᠥᠩᠭᠦ ᠶᠢ | ᠬᠠᠷᠢᠴᠠᠯ ᠶᠣᠰᠣᠭᠠᠷ ᠬᠤᠪᠢᠳᠠᠨ ᠡᠭᠦᠷᠭᠡᠯᠡᠵᠦ᠂ ᠲᠥᠪ ᠤᠨ ᠡᠳ᠋ ᠤᠨ ᠵᠠᠰᠠᠭ ᠤᠨ ᠡᠭᠦᠷᠭᠡᠯᠡᠬᠦ ᠦᠯᠡᠳᠡᠪᠦᠷᠢ ᠬᠡᠰᠡᠭ ᠢ | ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠡᠳ᠋ ᠤᠨ ᠵᠠᠰᠠᠭ ᠠᠴᠠ ᠲᠣᠰ ᠲᠣᠰ 50% ᠶᠢᠨ | ᠬᠠᠷᠢᠴᠠᠯ ᠢᠶᠠᠷ ᠬᠤᠪᠢᠳᠠᠨ ᠡᠭᠦᠷᠭᠡᠯᠡᠨ᠎ᠡ᠃ ᠡᠯ᠎ᠡ ᠠᠶᠢᠮᠠᠭ ᠬᠤᠲᠠ ᠨᠤᠭᠤᠳ ᠬᠡᠷᠡᠭᠯᠡᠭᠡᠨ ᠠᠴᠠ ᠭᠠᠷᠭᠠᠭᠰᠠᠨ ᠮᠠᠰᠢᠨ | ᠲᠡᠷᠭᠡ ᠶᠢ ᠵᠢᠭᠠᠨ ᠲᠣᠭᠲᠠᠭᠠᠭᠰᠠᠨ ᠠᠵᠤ ᠠᠬᠤᠶᠢᠯᠠᠯ ᠳᠤ ᠲᠤᠰᠢᠶᠠᠨ ᠬᠤᠳᠠᠯᠳᠤᠭᠤᠯᠬᠤ ᠪᠠᠷ ᠱᠠᠭᠠᠷᠳᠠᠵᠤ ᠪᠣᠯᠬᠤ | ᠦᠭᠡᠢ᠂ ᠣᠷᠣᠨ ᠪᠦᠰᠡ ᠶᠢᠨ ᠴᠢᠨᠠᠷᠲᠠᠢ᠂ ᠮᠡᠷᠭᠡᠵᠢᠯ ᠤᠨ ᠦᠢᠯᠡᠳᠬᠦᠨ ᠤ ᠴᠢᠭᠯᠡᠯ ᠤᠨ ᠴᠢᠨᠠᠷᠲᠠᠢ ᠨᠥᠬᠦᠪᠦᠷᠢ ᠶᠢᠨ | ᠭᠠᠷᠴᠠᠭ ᠪᠤᠶᠤ ᠠᠵᠤ ᠠᠬᠤᠶᠢᠯᠠᠯ ᠤᠨ ᠨᠡᠷᠡᠰ ᠢ ᠠᠰ ᠲᠤ ᠨᠢ ᠲᠣᠭᠲᠠᠭᠠᠵᠤ ᠪᠣᠯᠬᠤ ᠦᠭᠡᠢ᠃ ᠡᠯ᠎ᠡ ᠠᠶᠢᠮᠠᠭ | ᠬᠤᠲᠠ ᠨᠤᠭᠤᠳ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠯᠠᠪᠯᠠᠭ᠎ᠠ ᠶᠢᠨ ᠬᠠᠯᠠᠮᠰᠢᠯ ᠤᠲᠠᠰᠤ | ᠭᠠᠷᠭᠠᠵᠤ᠂ ᠣᠯᠠᠨ ᠨᠡᠶᠢᠲᠡ ᠶᠢᠨ ᠬᠦᠰᠡᠯ ᠱᠠᠭᠠᠷᠳᠠᠯᠭ᠎ᠠ ᠳᠤ ᠴᠠᠭ ᠲᠤᠬᠠᠢ ᠳᠤ ᠨᠢ ᠬᠠᠷᠢᠭᠤ ᠥᠭᠴᠦ᠂ | ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠢ᠃ |