ᠠᠷᠠᠳ ᠣᠯᠠᠨ ᠤ ᠡᠷᠡᠭᠦᠯ ᠮᠡᠨᠳᠦ ᠪᠠ ᠵᠣᠯ ᠵᠢᠷᠭᠠᠯᠲᠤ ᠠᠮᠢᠳᠤᠷᠠᠯ ᠳᠤ ᠲᠤᠰᠠᠯᠠᠵᠤ ᠥᠪᠥᠷ ᠮᠣᠩᠭᠤᠯ ᠤᠨ ᠡᠳ᠋ ᠤᠨ ᠵᠠᠰᠠᠭ ᠨᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠦᠷᠢᠶᠡᠨ ᠳᠤ        46.55 ᠳ᠋ᠦᠩᠰᠢᠭᠤᠷ ᠲᠥᠭᠦᠷᠢᠭ ᠤᠨ ᠨᠥᠬᠦᠪᠥᠷᠢ ᠮᠥᠩᠭᠦ ᠪᠠᠭᠤᠯᠭᠠᠪᠠ
ᠨᠡᠶᠢᠲᠡᠯᠡᠭᠰᠡᠨ ᠴᠠᠭ᠄
2024/5/13
    ᠡᠷᠡᠭᠦᠯ ᠡᠩᠬᠡ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢ ᠴᠢᠨᠠᠭᠰᠢᠳᠠ ᠤᠯᠠᠮ ᠠᠬᠢᠭᠤᠯᠵᠤ᠂ ᠠᠷᠠᠳ ᠣᠯᠠᠨ ᠤ ᠡᠷᠡᠭᠦᠯ ᠮᠡᠨᠳᠦ ᠪᠠ ᠵᠣᠯ ᠵᠢᠷᠭᠠᠯᠲᠤ ᠠᠮᠢᠳᠤᠷᠠᠯ ᠳᠤ ᠲᠤᠰᠠᠯᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠣᠷᠣᠭᠤᠯᠤᠯᠲᠠ ᠪᠠᠨ ᠦᠷᠭᠦᠯᠵᠢᠯᠡᠨ ᠡᠷᠴᠢᠮᠵᠢᠭᠦᠯᠵᠦ᠂ 2024 ᠣᠨ ᠳᠤ ᠨᠢᠭᠡᠨᠲᠡ 46.55 ᠳ᠋ᠦᠩᠰᠢᠭᠤᠷ ᠲᠥᠭᠦᠷᠢᠭ ᠤᠨ ᠬᠤᠯᠪᠣᠭᠳᠠᠯ ᠪᠥᠬᠦᠶ ᠨᠥᠬᠦᠪᠥᠷᠢ ᠪᠠᠯᠠ ᠮᠥᠩᠭᠦ ᠶᠢ ᠤᠷᠢᠳᠴᠢᠯᠠᠨ ᠪᠠᠭᠤᠯᠭᠠᠵᠠᠢ᠃    ᠲᠣᠰ ᠤᠳᠠᠭ᠎ᠠ ᠨᠥᠬᠦᠪᠥᠷᠢ ᠪᠠᠯᠠ ᠮᠥᠩᠭᠦ ᠶᠢ ᠪᠠᠭᠤᠯᠭᠠᠭᠰᠠᠨ ᠤ ᠳᠠᠷᠠᠭ᠎ᠠ᠂ ᠪᠥᠬᠦ ᠣᠷᠣᠨ ᠤ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠳᠤ ᠬᠡᠷᠡᠭᠯᠡᠬᠦ ᠵᠠᠷᠤᠳᠠᠯ ᠤᠨ ᠡᠳ᠋ ᠤᠨ ᠵᠠᠰᠠᠭ ᠤᠨ ᠨᠥᠬᠦᠪᠥᠷᠢ ᠶᠢᠨ ᠬᠥᠮᠦᠨ ᠳᠤᠮᠳᠠᠴᠢ ᠶᠢᠨ ᠪᠠᠷᠢᠮᠵᠢᠶ᠎ᠠ ᠨᠢᠳᠤᠨᠤᠨ ᠤ ᠬᠢ ᠠᠴᠠ 5 ᠲᠥᠭᠦᠷᠢᠭ ᠳᠡᠭᠡᠭᠰᠢᠯᠡᠪᠡ᠂ ᠡᠨᠡ ᠵᠢᠯ ᠮᠥᠨ ᠴᠦ ᠥᠪᠥᠷ ᠮᠣᠩᠭᠤᠯ ᠤᠨ ᠲᠣᠰ ᠵᠦᠢᠯ ᠤᠨ ᠵᠠᠷᠤᠳᠠᠯ ᠤᠨ ᠨᠥᠬᠦᠪᠥᠷᠢ ᠶᠢᠨ ᠪᠠᠷᠢᠮᠵᠢᠶ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ ᠪᠠᠶᠢᠭ᠎ᠠ 15 ᠳᠠᠬᠢ ᠵᠢᠯ ᠪᠠᠶᠢᠵᠤ᠂ ᠪᠥᠬᠦ ᠣᠷᠣᠨ ᠤ ᠬᠤᠲᠠ ᠬᠥᠳᠡᠭᠡᠨ ᠤ ᠰᠠᠭᠤᠭᠠᠯᠢ ᠠᠷᠠᠳ ᠤᠨ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠠᠬᠢᠭᠤᠯᠤᠨ᠂ ᠥᠪᠥᠷ ᠮᠣᠩᠭᠤᠯ ᠤᠨ ᠠᠷᠠᠳ ᠤᠨ ᠠᠮᠢᠳᠤᠷᠠᠯ ᠤᠨ ᠬᠢᠵᠠᠭᠠᠷ ᠱᠤᠭᠤᠮ ᠢ ᠴᠢᠨᠠᠭᠰᠢᠳᠠ ᠨᠡᠩ ᠰᠠᠬᠢᠵᠤ ᠳᠡᠶᠢᠯᠬᠦ᠂ ᠣᠨᠣᠪᠴᠢᠲᠠᠢ ᠰᠠᠬᠢᠬᠤ᠂ ᠪᠠᠲᠤ ᠰᠠᠬᠢᠬᠤ ᠳᠤ ᠨᠢ ᠬᠦᠴᠦᠨ ᠨᠡᠮᠡᠷᠢᠯᠡᠭᠰᠡᠨ ᠪᠠᠶᠢᠨ᠎ᠠ᠃    2019 ᠣᠨ ᠳᠤ᠂ ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ ᠡᠬᠢᠯᠡᠵᠦ᠂ ᠥᠪᠥᠷ ᠮᠣᠩᠭᠤᠯ ᠲᠤᠬᠠᠢ ᠶᠢᠨ ᠵᠢᠯ ᠤᠨ ᠬᠢᠨᠢ 10 ᠳ᠋ᠤᠭᠠᠷ ᠰᠠᠷ᠎ᠠ ᠳᠤ ︽ᠡᠷᠡᠭᠦᠯ ᠡᠩᠬᠡ ᠥᠪᠥᠷ ᠮᠣᠩᠭᠤᠯ ᠤᠨ ᠠᠵᠢᠯᠯᠠᠭ᠎ᠠ ᠶᠢ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠭᠰᠠᠨ ᠪᠥᠭᠡᠳ ︽ᠡᠷᠡᠭᠦᠯ ᠡᠩᠬᠡ ᠥᠪᠥᠷ ᠮᠣᠩᠭᠤᠯ ᠤᠨ ᠠᠵᠢᠯᠯᠠᠭ᠎ᠠ ︵2020 ᠣᠨ — 2030 ᠣᠨ︶︾ ︽︿ᠡᠷᠡᠭᠦᠯ ᠡᠩᠬᠡ ᠥᠪᠥᠷ ᠮᠣᠩᠭᠤᠯ 2030﹀ ᠶᠢᠨ ᠪᠥᠲᠥᠭᠡᠨ ᠪᠠᠶᠢᠭᠤᠯᠤᠯᠲᠠ ᠶᠢᠨ ᠬᠥᠬᠡ ᠭᠠᠳᠠᠷᠲᠤ ᠪᠢᠴᠢᠭ︾ ᠢ ᠵᠠᠯᠭᠠᠭ᠎ᠠ ᠪᠠᠷ ᠳᠠᠷᠤᠮᠠᠯᠯᠠᠨ ᠲᠠᠷᠬᠠᠭᠠᠵᠤ᠂ ᠡᠷᠡᠭᠦᠯ ᠡᠩᠬᠡ ᠥᠪᠥᠷ ᠮᠣᠩᠭᠤᠯ ᠤᠨ ᠠᠵᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠲᠤᠰ ᠭᠠᠵᠠᠷ ᠣᠷᠣᠨ ᠤ ᠪᠠᠶᠢᠳᠠᠯ ᠳᠤ ᠪᠠᠨ ᠳᠣᠭᠢᠷᠠᠭᠤᠯᠤᠨ ᠠᠬᠢᠭᠤᠯᠪᠠ᠃    ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠨᠢ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠬᠦ ᠲᠠᠢ ᠨᠢᠭᠲᠠ ᠬᠤᠯᠪᠣᠭ᠎ᠠ ᠲᠠᠢ ᠪᠠᠶᠢᠳᠠᠭ᠂ ᠲᠡᠭᠦᠨ ᠤ ᠠᠵᠢᠯ ᠤᠨ ᠭᠤᠣᠯᠳᠠᠯᠭ᠎ᠠ ᠨᠢ᠄ ︽ᠨᠠᠰᠤᠲᠠᠶᠢᠴᠤᠳ ᠪᠠ ᠨᠢᠯᠬᠠᠰ︾ ᠵᠡᠷᠭᠡ ᠭᠤᠣᠯᠳᠠᠯᠭ᠎ᠠ ᠲᠠᠢ ᠬᠥᠮᠥᠰ ᠲᠠᠬᠢ ᠡᠷᠡᠭᠦᠯ ᠮᠡᠨᠳᠦ ᠶᠢᠨ ᠬᠠᠮᠢᠶᠠᠷᠤᠯᠲᠠ ᠦᠢᠯᠡᠴᠢᠯᠡᠭᠡ ᠪᠠᠨ ᠴᠢᠩᠭᠠᠳᠬᠠᠵᠤ᠂ ᠴᠢᠰᠤᠨ ᠳᠠᠷᠤᠯᠲᠠ ᠥᠨᠳᠥᠷ᠂ ᠬᠤᠶᠠᠷᠳᠠᠬᠢ ᠬᠡᠯᠪᠡᠷᠢ ᠶᠢᠨ ᠰᠢᠬᠢᠷ ᠰᠢᠵᠢᠩ ᠡᠪᠡᠳᠴᠢᠨ ᠲᠠᠢ ᠵᠡᠷᠭᠡ ᠤᠵᠢᠭ ᠡᠪᠡᠳᠴᠢᠲᠡᠳ ᠲᠠᠬᠢ ᠡᠷᠡᠭᠦᠯ ᠮᠡᠨᠳᠦ ᠶᠢᠨ ᠬᠠᠮᠢᠶᠠᠷᠤᠯᠲᠠ ᠦᠢᠯᠡᠴᠢᠯᠡᠭᠡᠨ ᠤ ᠴᠢᠨᠠᠷ ᠢᠶᠠᠨ ᠳᠡᠭᠡᠭᠰᠢᠯᠡᠭᠦᠯᠵᠦ᠂ ᠬᠤᠲᠠ ᠬᠥᠳᠡᠭᠡᠨ ᠤ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠡᠯᠧᠺᠲᠷᠣᠨ ᠳᠠᠩᠰᠠ ᠡᠪᠬᠡᠮᠡᠯ ᠢ ᠠᠰᠢᠭᠯᠠᠬᠤ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠦᠷᠡᠵᠢᠯ᠂ ᠬᠡᠦᠬᠡᠳ ᠨᠠᠶᠢᠳᠠᠨ ᠰᠠᠭᠠᠲᠠᠭᠤᠯᠬᠤ᠂ ᠨᠠᠰᠤᠵᠢᠯ ᠤᠨ ᠠᠰᠠᠷᠠᠮᠵᠢ ᠵᠡᠷᠭᠡ ᠲᠠᠯ᠎ᠠ ᠨᠤᠭᠤᠳ ᠤᠨ ᠦᠢᠯᠡᠴᠢᠯᠡᠭᠡᠨ ᠤ ᠲᠦᠪᠰᠢᠨ ᠢᠶᠠᠨ ᠳᠡᠭᠡᠭᠰᠢᠯᠡᠭᠦᠯᠬᠦ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号