ᠭᠠᠬᠢᠯ ᠰᠤᠮᠤ ᠠᠮᠤᠷ ᠠᠮᠤᠭᠤᠯᠠᠩ ᠤᠨ ᠪᠦᠲᠦᠭᠡᠨ ᠪᠠᠶᠢᠭᠤᠯᠤᠯᠲᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠬᠦᠯᠵᠤ ᠪᠤᠢ
ᠨᠡᠶᠢᠲᠡᠯᠡᠭᠰᠡᠨ ᠴᠠᠭ᠄
2024/5/16
      ᠬᠠᠷᠢᠶᠠᠲᠤ ᠣᠷᠣᠨ ᠤ ᠠᠮᠤᠷ ᠠᠮᠤᠭᠤᠯᠠᠩ ᠶᠢᠨ ᠪᠠᠶᠢᠭᠤᠯᠤᠯᠲᠠ ᠶᠢᠨ ᠠᠵᠢᠯ ᠢ ᠬᠦᠨᠵᠡᠭᠡᠶᠢᠷᠡᠬᠦᠯᠵᠤ᠂ ᠰᠠᠭᠤᠭᠠᠯᠢ ᠠᠷᠠᠳ ᠤᠨ ᠠᠮᠤᠷ ᠲᠦᠪᠰᠢᠨ᠂ ᠵᠣᠯ ᠵᠢᠷᠭᠠᠯᠲᠥ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠬᠦᠯᠦᠨ᠂ ᠠᠮᠤᠷ  ᠠᠮᠤᠭᠤᠯᠠᠩ ᠤᠨ ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠶᠢᠨ ᠲᠤᠯᠠᠳᠠ᠂ ᠣᠶᠢᠷ᠎ᠠ ᠳᠤ᠂ ᠭᠠᠬᠢᠯ ᠰᠤᠮᠤ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠡᠶᠡᠳᠡᠬᠦᠯᠬᠦ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ᠂ ᠭᠤᠣᠯᠳᠠᠯᠭ᠎ᠠ ᠲᠠᠢ ᠬᠥᠮᠥᠰ ᠢ ᠬᠠᠯᠠᠮᠵᠢᠯᠠᠬᠤ ᠵᠡᠷᠭᠡ ᠠᠵᠢᠯ ᠢ ᠡᠷᠴᠢᠮᠲᠠᠢ ᠥᠷᠨᠢᠭᠦᠯᠵᠦ᠂ ᠡᠶ᠎ᠡ ᠵᠣᠬᠢᠴᠠᠯ ᠲᠠᠢ᠂ ᠠᠮᠤᠷ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠦᠨᠡᠨ ᠬᠦ ᠪᠣᠶ ᠪᠣᠯᠭᠠᠵᠤ ᠪᠤᠢ᠃      ᠬᠠᠷᠢᠭᠤᠴᠠᠯᠭ᠎ᠠ  ᠢᠶᠠᠨ ᠴᠢᠩᠭᠠᠳᠬᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ         ᠪᠠᠬᠢᠵᠢᠭᠦᠯᠪᠡ᠃ ᠲᠣᠭᠲᠠᠮᠠᠯ ᠬᠤᠭᠤᠴᠠᠭ᠎ᠠ ᠲᠠᠢ ᠪᠠᠷ ᠠᠮᠤᠷ ᠲᠦᠪᠰᠢᠨ ᠤ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠬᠠᠷᠢᠭᠤᠴᠠᠯᠭ᠎ᠠ ᠶᠢᠨ  ᠬᠤᠪᠢᠶᠠᠷᠢᠯᠠᠯ ᠢᠶᠠᠨ ᠲᠣᠳᠣᠷᠬᠠᠶᠢᠯᠠᠪᠠ᠃ ᠬᠤᠷᠠᠯ  ᠳᠤ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠪᠣᠳᠠᠲᠠᠶᠢᠵᠢᠭᠤᠯᠵᠤ᠂ ᠬᠠᠷᠢᠶ᠎ᠠ ᠣᠷᠣᠨ ᠤ ᠡᠯ᠎ᠡ ᠬᠦᠷᠢᠶᠡᠨ ᠳᠠᠬᠢ ᠵᠥᠷᠢᠴᠡᠯ ᠵᠢᠭᠤᠷᠠᠯᠳᠤᠭᠠᠨ ᠤ ᠬᠡᠮ ᠰᠣᠭᠤᠭ ᠢ ᠦᠷᠭᠦᠯᠵᠢᠯᠡᠨ ᠪᠠᠶᠢᠴᠠᠭᠠᠵᠤ᠂ ︽ᠭᠠᠴᠠᠭ᠎ᠠ ᠠᠴᠠ ᠡᠷᠦᠬᠡ ᠵᠢ‌ᠤᠷᠬᠢᠬᠳᠠᠭᠤᠯᠬᠤ ᠦᠭᠡᠢ᠂ ᠡᠷᠦᠬᠡ ᠠᠴᠠ ᠬᠥᠮᠥᠨ ᠢ ᠤᠷᠬᠢᠬᠳᠠᠭᠤᠯᠬᠤ ᠦᠭᠡᠢ᠂ ᠬᠥᠮᠥᠨ ᠪᠦᠷᠢ ᠶᠢ ᠳᠠᠩᠰᠠᠯᠠᠨ ᠳᠡᠮᠳᠡᠭᠯᠡᠬᠦ︾ ᠶᠢ ᠪᠡᠶᠡᠯᠡᠭᠦᠯᠵᠦ᠂ ᠵᠥᠷᠢᠴᠡᠯ ᠵᠢᠭᠤᠷᠠᠯᠳᠤᠭᠠᠨ ᠢ ᠵᠢᠬᠰᠠᠭᠠᠨ ᠪᠠᠶᠢᠴᠠᠭᠠᠨ ᠰᠢᠢᠳᠪᠤᠷᠢᠯᠡᠪᠠ᠃      ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠥᠮᠥᠰ ᠢ ᠬᠠᠯᠠᠮᠵᠢᠯᠠᠪᠠ᠃ ᠰᠤᠮᠤᠨ ᠤ ᠶᠡᠷᠦᠩᠭᠡᠶᠢᠯᠡᠨ ᠵᠠᠰᠠᠬᠤ ᠥᠷᠲᠡᠭᠡ ᠨᠢ ᠬᠠᠷᠢᠶ᠎ᠠ ᠣᠷᠣᠨ ᠤ ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠰᠠᠯᠪᠤᠷᠢ ᠵᠡᠷᠭᠡ ᠰᠠᠯᠠᠭ᠎ᠠ ᠮᠥᠴᠢᠷ ᠲᠠᠢ ᠬᠤᠯᠪᠤᠭᠠᠯᠠᠨ ᠡᠷᠦᠬᠡ ᠳᠤ ᠬᠦᠷᠴᠦ ᠰᠤᠷᠪᠤᠯᠵᠢᠯᠠᠬᠤ᠂ ᠭᠤᠣᠯᠳᠠᠯᠭ᠎ᠠ  ᠲᠠᠢ ᠲᠠᠯᠠᠪᠤᠷ ᠢ ᠪᠠᠶᠢᠴᠠᠭᠠᠬᠤ᠂ ᠤᠲᠠᠰᠤ ᠪᠠᠷ ᠶᠠᠷᠢᠯᠴᠠᠬᠤ ᠵᠡᠷᠭᠡ ᠪᠠᠷ ᠳᠠᠮᠵᠢᠭᠤᠯᠤᠨ᠂ ᠨᠡᠶᠢᠭᠡᠮ ᠤᠨ ᠡᠯ᠎ᠡ ᠬᠦᠷᠢᠶᠠᠨ ᠤ ᠭᠤᠣᠯᠳᠠᠯᠭ᠎ᠠ ᠲᠠᠢ ᠬᠥᠮᠥᠰ ᠢ ᠬᠠᠯᠠᠮᠵᠢᠯᠠᠨ ᠲᠤᠬᠤᠨᠢᠭᠤᠯᠬᠤ ᠶᠢᠨ ᠬᠠᠮᠲᠦ᠂   ᠦᠵᠡᠯ ᠰᠠᠨᠠᠭᠠᠨ ᠤ ᠬᠥᠳᠡᠯᠦᠯ ᠪᠠᠶᠢᠳᠠᠯ ᠪᠠ ᠠᠮᠢᠳᠤᠷᠠᠯ ᠤᠨ ᠪᠠᠶᠢᠳᠠᠯ ᠢ ᠤᠯᠠᠮ ᠨᠢᠭᠡ ᠠᠯᠬᠤᠮ ᠤᠶᠢᠯᠠᠭᠠᠨ᠂  ᠴᠤᠬᠤᠶᠢᠵᠤ ᠪᠠᠶᠢᠭ᠎ᠠ ᠲᠣᠭᠲᠠᠭᠤᠨ ᠪᠤᠰᠤ ᠬᠦᠴᠦᠨ ᠵᠦᠢᠯ ᠢ ᠡᠵᠡᠮᠳᠡᠨ ᠬᠤᠷᠢᠬᠯᠠᠪᠠ᠃      ᠤᠬᠠᠭᠤᠯᠭ᠎ᠠ ᠢᠶᠠᠨ ᠴᠢᠩᠭᠠᠳᠬᠠᠵᠤ᠂ ᠦᠵᠡᠯ ᠤᠬᠠᠮᠰᠠᠷ ᠢ ᠳᠡᠭᠡᠭᠰᠢᠯᠡᠭᠦᠯᠪᠡ᠃ 《 ᠴᠠᠬᠢᠯᠭᠠᠨ ᠬᠤᠯᠪᠤᠭ᠎ᠠ ᠰᠦᠯᠵᠢᠶᠡᠨ ᠮᠡᠬᠡᠯᠡᠯ  ᠢ ᠡᠰᠡᠷᠭᠦᠴᠡᠵᠤ ᠵᠠᠯᠠᠭᠤ ᠨᠠᠰᠤᠨ ᠤ ᠬᠦᠴᠦᠨ ᠢᠶᠠᠨ ᠨᠡᠮᠡᠷᠢᠯᠡᠶ᠎ᠡ》 ᠭᠤᠤᠯ ᠰᠡᠳᠤᠪᠲᠤ ᠮᠡᠳᠡᠯᠭᠡ ᠶᠢᠨ ᠤᠷᠤᠯᠳᠤᠭᠠᠨ ᠶᠡᠪᠤᠭᠳᠠᠭᠤᠯᠵᠤ᠂ ᠲᠤᠤᠷᠴᠢᠯᠠᠬᠰᠠᠨ ᠬᠠᠮᠢᠶᠠᠷᠤᠯᠲᠠ ᠶᠢᠨ ᠠᠵᠢᠯᠲᠠᠨ᠂ ᠠᠷᠠᠳ ᠤᠨ ᠴᠠᠬᠳᠠᠭ᠎ᠠ ᠵᠡᠷᠭᠡ ᠶᠢ ᠵᠣᠬᠢᠶᠠᠨ ᠪᠠᠶᠢᠭᠤᠯᠵᠤ ᠡᠷᠤᠬᠡ ᠳᠤ ᠭᠦᠨᠵᠡᠭᠡᠶᠢᠷᠡᠵᠤ᠂ ᠬᠠᠤᠯᠢ ᠪᠠᠷ ᠵᠠᠰᠠᠬᠤ ᠪᠠᠶᠢᠭᠤᠯᠤᠯᠲᠠ᠂ ᠬᠤᠣᠷ ᠢ ᠴᠠᠭᠠᠵᠠᠯᠠᠬᠤ᠂ ᠭᠠᠵᠢᠭᠤ ᠨᠣᠮᠯᠠᠯ ᠢ ᠡᠰᠡᠷᠭᠦᠴᠡᠬᠦ᠂ ᠴᠠᠬᠢᠯᠭᠠᠨ ᠬᠤᠯᠪᠣᠭ᠎ᠠ ᠰᠦᠯᠵᠢᠶᠠᠨ ᠮᠡᠬᠡᠯᠡᠯ ᠢ ᠰᠡᠷᠬᠡᠶᠢᠯᠡᠬᠦ᠂ ᠠᠶᠤᠯᠭᠦᠢ ᠦᠢᠯᠡᠳᠪᠤᠷᠢᠯᠡᠯ᠂ ᠭᠠᠳᠠᠭᠠᠳᠦ ᠶᠢᠨ ᠬᠥᠮᠥᠰ ᠤᠨ ᠬᠠᠮᠢᠶᠠᠷᠤᠯᠲᠠ ᠵᠡᠷᠭᠡ ᠶᠢ ᠤᠬᠠᠭᠤᠯᠬᠤ ᠬᠦᠳᠡᠯᠭᠡᠭᠡᠨ ᠶᠠᠪᠤᠭᠳᠠᠭᠤᠯᠤᠨ᠂  ᠦᠷᠭᠡᠨ ᠤᠯᠠᠨ ᠮᠠᠯᠴᠢᠨ ᠲᠦᠮᠡᠨ ᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠪᠡ᠃ ᠣᠲᠣ ᠪᠣᠯᠲᠠᠯ᠎ᠠ᠂ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 80 ᠭᠠᠷᠤᠢ ᠬᠤᠪᠢ ᠲᠠᠷᠬᠠᠭᠠᠭᠰᠠᠨ ᠪᠠᠶᠢᠨ᠎ᠠ᠃
 
ᠢᠷᠡᠯᠲᠡ᠄ ᠭᠠᠬᠢᠯ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号