ᠭᠠᠬᠢᠯ ᠰᠤᠮᠤ ︽ᠪᠢᠴᠢᠯ ᠡᠷᠬᠡ︾ ᠶᠢ ᠬᠢᠵᠠᠭᠠᠷᠯᠠᠬᠤ ᠲᠣᠭᠲᠠᠴᠠ ᠶᠢᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/16
      ᠦᠨᠳᠦᠰᠦᠨ ᠱᠠᠲᠤᠨ ᠤ ︽ᠪᠢᠴᠢᠯ ᠡᠷᠬᠡ︾  ᠬᠢᠵᠠᠭᠠᠷᠯᠠᠬᠤ ᠳᠤᠭᠲᠠᠴᠠ ᠶᠢ ᠵᠢᠷᠤᠮᠵᠢᠯᠠᠭᠤᠯᠬᠤ  ᠢ ᠭᠦᠨᠵᠡᠭᠡᠢ ᠲᠦᠯᠬᠢᠨ ᠠᠬᠢᠭᠤᠯᠵᠤ᠂ ᠬᠢᠨᠠᠯᠲᠠ ᠲᠠᠯᠪᠢᠬᠤ ᠬᠡᠪᠴᠢᠶ᠎ᠡ ᠶᠢ ᠦᠨᠳᠦᠰᠦᠨ  ᠱᠠᠲᠤᠨ ᠳᠤ ᠤᠷᠲᠤᠳᠬᠠᠬᠤ ᠶᠢ ᠠᠬᠢᠭᠤᠯᠵᠤ᠂ ᠦᠨᠳᠦᠰᠦᠨ ᠱᠠᠲᠤᠨ ᠤ ᠬᠢᠨᠠᠯᠲᠠ ᠶᠢᠨ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠬᠦ ᠶᠢᠨ ᠲᠥᠯᠥᠭᠡ᠂  5 ᠰᠠᠷ᠎ᠠ ᠶᠢᠨ 9 ᠤ ᠡᠳᠦᠷ᠂ ᠭᠠᠬᠢᠯ ᠰᠤᠮᠤ ︽ᠪᠢᠴᠢᠯ ᠡᠷᠬᠡ︾ ᠶᠢ ᠬᠢᠵᠠᠭᠠᠷᠯᠠᠬᠤ ᠳᠤᠭᠲᠠᠴᠠ ᠶᠢᠨ ᠪᠠᠶᠢᠷᠢᠯᠠᠭᠤᠯᠤᠯᠲᠠ ᠶᠢᠨ ᠬᠤᠷᠠᠯ  ᠬᠤᠷᠠᠯᠳᠤᠭᠤᠯᠪᠠ᠃  ᠰᠤᠮᠤᠨ ᠤ ᠤᠳᠤᠷᠢᠳᠬᠤ ᠪᠠᠭ ᠤᠨ ᠭᠡᠰᠢᠭᠦᠳ᠂ ᠡᠯ᠎ᠡ ᠭᠠᠴᠠᠭ᠎ᠠ ︵ᠨᠡᠶᠢᠭᠡᠮ ᠲᠣᠭᠤᠷᠢᠭ︶ ᠶᠢᠨ ᠨᠠᠮ ᠤᠨ ᠡᠭᠦᠷ ᠤᠨ ᠱᠦᠵᠢ᠂ ᠬᠢᠨᠠᠯᠲᠠ ᠲᠠᠯᠪᠢᠬᠤ ᠵᠥᠪᠯᠡᠯ ᠤᠨ ᠭᠡᠰᠢᠭᠦᠨ᠂ ᠭᠠᠴᠠᠭ᠎ᠠ ᠳᠠᠭᠠᠴᠢᠯᠠᠭᠰᠠᠨ ᠺᠠᠲᠠᠷ ᠬᠤᠷᠠᠯ ᠳᠤ ᠣᠷᠣᠯᠴᠠᠵᠠᠢ᠃      ᠬᠤᠷᠠᠯ ᠠᠴᠠ᠂ ᠬᠤᠰᠢᠭᠤ ᠨᠠᠮ ᠤᠨ ᠬᠤᠷᠢᠶᠠᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠦᠨᠳᠦᠰᠦᠨ ᠱᠠᠲᠤᠨ ᠤ ︽ᠪᠢᠴᠢᠯ ᠡᠷᠬᠡ︾ ᠢ ᠵᠢᠷᠤᠮᠵᠢᠭᠤᠯᠤᠨ ᠠᠵᠢᠯᠯᠠᠭᠤᠯᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃      ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ︽ᠵᠡᠭᠦᠨ ᠦᠵᠦᠮᠦᠴᠢᠨ ᠬᠤᠰᠢᠭᠤᠨ ᠤ ᠦᠨᠳᠦᠰᠦᠨ ᠱᠠᠲᠤᠨ ᠤ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠬᠦ ᠶᠢ ᠲᠦᠯᠬᠢᠨ ᠠᠬᠢᠭᠤᠯᠬᠤ ᠬᠡᠷᠡᠭᠵᠢᠭᠦᠯᠬᠦ ᠲᠥᠰᠥᠯ︾ ᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠬᠢᠨᠠᠯᠲᠠ ᠲᠠᠯᠪᠢᠬᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ ᠲᠡᠭᠦᠯᠳᠡᠷᠵᠢᠭᠦᠯᠵᠦ᠂ ᠭᠠᠴᠠᠭ᠎ᠠ ︵ᠨᠡᠶᠢᠭᠡᠮ ᠲᠣᠭᠤᠷᠢᠭ︶ ᠶᠢᠨ         ︽ᠪᠢᠴᠢᠯ ᠡᠷᠬᠡ︾ ᠶᠢᠨ ᠵᠦᠢᠯᠡᠰ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠡᠷᠬᠡ ᠲᠤᠰᠢᠶᠠᠯ ᠢ ᠲᠣᠳᠣᠷᠬᠠᠶᠢᠯᠠᠨ᠂ ᠳᠦᠷᠢᠮ ᠢ ᠲᠡᠭᠦᠯᠳᠡᠷᠵᠢᠭᠦᠯᠵᠦ᠂ ᠬᠢᠨᠠᠯᠲᠠ ᠲᠠᠯᠪᠢᠬᠤ ᠶᠢ ᠴᠢᠩᠭᠠᠳᠬᠠᠨ︽ᠪᠢᠴᠢᠯ ᠡᠷᠬᠡ︾ ᠶᠢᠨ ᠨᠠᠷᠢᠨ ᠲᠠᠩᠰᠠ ᠶᠢᠨ ᠬᠠᠮᠢᠶᠠᠷᠤᠯᠲᠠ ᠶᠢ ᠵᠢᠷᠤᠮᠵᠢᠭᠤᠯᠤᠨ ᠠᠵᠢᠯᠯᠠᠭᠤᠯᠬᠤ ᠠᠵᠢᠯ ᠢ ᠭᠦᠨᠵᠡᠭᠡᠢ ᠥᠷᠨᠢᠭᠦᠯᠬᠦ        ᠬᠡᠷᠡᠭᠲᠡᠢ᠃ ᠬᠤᠶᠠᠷ ᠲᠤ  ᠂ ︽ᠪᠢᠴᠢᠯ ᠡᠷᠬᠡ︾ ᠶᠢᠨ ᠠᠵᠢᠯᠯᠠᠭᠠᠨ ᠤ ᠵᠥᠪᠳᠡᠯᠴᠡᠬᠦ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ ︽ᠭᠤᠷᠪᠠᠨ ᠴᠢᠬᠤᠯᠠ ᠨᠢᠭᠡ ᠶᠡᠭᠡ︾ ᠶᠢᠨ ᠳᠦᠷᠢᠮ ᠪᠠ ︽ᠳᠥᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ︾ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠠᠴᠠᠭ᠎ᠠ ︵ᠨᠡᠶᠢᠭᠡᠮ ᠲᠣᠭᠤᠷᠢᠭ︶ ᠶᠢᠨ ᠬᠤᠶᠠᠷ ᠵᠥᠪᠯᠡᠯ ᠴᠢᠬᠤᠯᠠ ᠲᠣᠭᠲᠠᠭᠠᠯ ᠭᠠᠷᠭᠠᠬᠤ ᠳᠠᠭᠠᠨ ᠢᠯᠡ ᠪᠥᠭᠡᠳ ᠲᠥᠪ ᠭᠤᠥᠯᠴᠢ ᠪᠠᠶᠢᠵᠤ᠂ ᠤᠷᠢᠳᠠᠪᠠᠷ ᠭᠠᠴᠠᠭᠠᠨ  ᠤ ᠬᠢᠨᠠᠯᠲᠠ ᠲᠠᠯᠪᠢᠬᠤ ᠵᠥᠪᠯᠡᠯ ᠲᠠᠢ ᠵᠥᠪᠳᠡᠯᠴᠡᠬᠦ ᠬᠡᠷᠡᠭᠲᠡᠢ᠃ ᠭᠤᠷᠪᠠ ᠳᠤ᠂ ᠪᠦᠬᠦ ᠶᠠᠪᠤᠴᠠ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠭᠠᠴᠠᠭᠠᠨ ᠤ ᠬᠢᠨᠠᠯᠲᠠ ᠲᠠᠯᠪᠢᠬᠤ ᠵᠥᠪᠯᠡᠯ ᠤᠨ ᠦᠢᠯᠡᠳᠦᠯ ᠢ ᠪᠠᠳᠠᠷᠠᠭᠤᠯᠵᠤ᠂ ᠡᠯ᠎ᠡ ᠵᠦᠢᠯ ᠤᠨ ᠬᠤᠷᠠᠯ ᠳᠤ ᠰᠤᠯᠠ ᠣᠷᠣᠯᠴᠠᠬᠤ᠂ ᠬᠢᠨᠠᠯᠲᠠ ᠲᠠᠯᠪᠢᠵᠤ ᠪᠠᠶᠢᠴᠠᠭᠠᠬᠤ᠂ ᠠᠵᠢᠯ ᠤᠨ ᠬᠤᠷᠠᠯ ᠬᠤᠷᠠᠯᠳᠤᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠬᠢᠨᠠᠯᠲᠠ ᠲᠠᠯᠪᠢᠬᠤ ᠠᠭᠤᠯᠭ᠎ᠠ ᠳᠤ ᠭᠠᠴᠠᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠬᠡᠷᠡᠭᠵᠢᠭᠦᠯᠬᠦ᠂ ᠭᠤᠷᠪᠠᠨ ᠶᠠᠪᠤᠳᠠᠯ ᠢ ᠢᠯᠡ ᠪᠣᠯᠭᠠᠬᠤ᠂ ᠡᠳ᠋ ᠬᠥᠷᠥᠩᠭᠡ ᠡᠬᠢ ᠪᠠᠶᠠᠯᠢᠭ ᠤᠨ ᠬᠠᠮᠢᠶᠠᠷᠤᠯᠲᠠ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠵᠡᠷᠭᠡ ᠲᠠᠯ᠎ᠠ ᠶᠢ ᠬᠠᠮᠤᠷᠠᠬᠤ  ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ︽ᠪᠢᠴᠢᠯ ᠡᠷᠬᠡ︾ ᠳᠤ ᠬᠢᠨᠠᠯᠲᠠ ᠲᠠᠯᠪᠢᠵᠤ ᠬᠢᠵᠠᠭᠠᠷᠯᠠᠬᠤ ᠲᠣᠭᠲᠠᠴᠠ ᠶᠢ ᠬᠡᠷᠡᠭᠵᠢᠭᠦᠯᠬᠦ ᠳᠤ  ᠭᠠᠴᠠᠭᠠᠨ ᠤ ᠡᠷᠬᠡ ᠶᠢᠨ ᠵᠦᠢᠯᠡᠰ ᠢ ᠤᠯᠠᠮ ᠨᠢᠭᠡ ᠠᠯᠬᠤᠮ ᠵᠢᠷᠤᠮᠵᠢᠭᠤᠯᠤᠨ ᠲᠣᠳᠣᠷᠬᠠᠶᠢᠯᠠᠵᠤ᠂ ᠺᠠᠳ᠋ᠷᠴᠤᠳ ᠤᠨ ᠬᠡᠪ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠺᠠᠳ᠋ᠷᠴᠤᠳ ᠢ        ︽ᠵᠢᠷᠤᠭ ᠤᠨ ᠶᠣᠰᠣᠭᠠᠷ ᠬᠡᠷᠡᠭᠵᠢᠭᠦᠯᠵᠦ᠂ ᠡᠷᠬᠡ ᠶᠢ ᠬᠢᠵᠠᠭᠠᠷᠯᠠᠬᠤ︾ ᠪᠣᠯᠭᠠᠵᠤ᠂ ᠣᠯᠠᠨ ᠲᠦᠮᠡᠨ ᠢ          ︽ᠵᠢᠷᠤᠭ ᠤᠨ ᠶᠣᠰᠣᠭᠠᠷ ᠬᠢᠨᠠᠯᠲᠠ ᠲᠠᠯᠪᠢᠵᠤ᠂ ᠲᠣᠭᠲᠠᠭᠠᠯ ᠶᠣᠰᠣᠭᠠᠷ ᠡᠷᠬᠡ ᠪᠠᠨ ᠬᠠᠮᠠᠭᠠᠯᠠᠬᠤ︾ ᠪᠣᠯᠭᠠᠵᠤ᠂ ᠭᠠᠴᠠᠭᠠᠨ ᠤ ᠬᠡᠷᠡᠭ ᠶᠠᠪᠤᠳᠠᠯ ᠢ ᠵᠢᠷᠤᠮᠯᠠᠬᠤ ᠳᠦᠷᠢᠮ ᠲᠠᠢ᠂ ᠪᠠᠶᠢᠴᠠᠭᠠᠬᠤ ᠪᠠᠷᠢᠮᠲᠠ ᠲᠠᠢ ᠪᠣᠯᠭᠠᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠲᠠᠰᠤᠷᠠᠯᠲᠠ ᠦᠭᠡᠢ ᠲᠦᠯᠬᠢᠨ ᠠᠬᠢᠭᠤᠯᠬᠤ ᠶᠠᠪᠤᠳᠠᠯ ᠪᠣᠯᠣᠨ᠎ᠠ ᠭᠡᠪᠡ᠃
 
ᠢᠷᠡᠯᠲᠡ᠄ ᠭᠠᠬᠢᠯ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号