ᠬᠠᠷᠢᠶ᠎ᠠ ᠣᠷᠣᠨ ᠤ ᠵᠣᠴᠢᠳ ᠤᠨ ᠪᠠᠭᠤᠳᠠᠯ ᠤᠨ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢᠨ ᠡᠷᠴᠢᠮ ᠢ | ᠤᠯᠠᠮ ᠨᠢᠭᠡ ᠠᠯᠬᠤᠮ ᠴᠢᠩᠭᠠᠷᠠᠭᠤᠯᠵᠤ᠂ ᠪᠠᠭᠤᠳᠠᠯ ᠤᠨ ᠦᠢᠯᠡᠰ ᠤᠨ ᠦᠨᠡᠨ ᠨᠡᠷ᠎ᠡ ᠪᠠᠷ ᠳᠠᠩᠰᠠᠯᠠᠬᠤ ᠳᠦᠷᠢᠮ ᠤᠨ | ᠬᠠᠮᠢᠶᠠᠷᠤᠯᠲᠠ ᠶᠢ ᠰᠢᠪᠠᠳᠠᠨ᠂ ᠡᠯ᠎ᠡ ᠲᠥᠷᠥᠯ ᠤᠨ ᠠᠮᠤᠷ ᠲᠦᠪᠰᠢᠨ ᠤ ᠬᠡᠮ ᠰᠣᠭᠤᠭ ᠢ ᠦᠨᠡᠨᠬᠦ ᠠᠷᠢᠯᠭᠠᠬᠤ ᠶᠢᠨ | ᠲᠥᠯᠥᠭᠡ᠂ ᠣᠶᠢᠷ᠎ᠠ ᠶᠢᠨ ᠬᠤᠭᠤᠴᠠᠭᠠᠨ ᠳᠤ᠂ ᠮᠠᠨᠳᠤᠬᠤᠪᠤᠯᠠᠭ ᠬᠢᠯᠢ ᠶᠢᠨ ᠲᠣᠮᠢᠯᠠᠭᠰᠠᠨ ᠰᠠᠯᠪᠤᠷᠢ ᠶᠢᠨ ᠠᠷᠠᠳ ᠤᠨ | ᠴᠠᠭᠳᠠᠭ᠎ᠠ ᠬᠠᠷᠢᠶ᠎ᠠ ᠣᠷᠣᠨ ᠤ ᠡᠯ᠎ᠡ ᠶᠡᠭᠡ ᠪᠠᠭ᠎ᠠ ᠪᠠᠭᠤᠳᠠᠯ ᠳᠤ ᠭᠦᠨᠵᠡᠭᠡᠶᠢᠷᠡᠨ ᠪᠠᠭᠤᠳᠠᠯ ᠤᠨ ᠦᠢᠯᠡᠰ ᠤᠨ ᠠᠮᠤᠷ ᠢ | ᠬᠠᠮᠠᠭᠠᠯᠠᠬᠤ ᠬᠠᠮᠢᠶᠠᠷᠤᠯᠲᠠ ᠶᠢᠨ ᠰᠢᠰᠲ᠋ᠧᠮ ᠤᠨ ᠤᠭᠰᠠᠷᠠᠯᠲᠠ ᠵᠢᠴᠢ ᠦᠨᠡᠨ ᠨᠡᠷ᠎ᠡ ᠪᠠᠷ ᠳᠠᠩᠰᠠᠯᠠᠬᠤ ᠳᠦᠷᠢᠮ ᠤᠨ | ᠠᠵᠢᠯᠯᠠᠭᠠᠨ ᠤ ᠶᠠᠪᠤᠴᠠ ᠳᠤ ᠪᠣᠯᠪᠠᠰᠤᠷᠠᠯ ᠤᠨ ᠠᠵᠢᠯ ᠥᠷᠨᠢᠭᠦᠯᠪᠡ᠃ | ᠠᠷᠠᠳ ᠤᠨ ᠴᠠᠭᠳᠠᠭ᠎ᠠ ᠪᠣᠯᠣᠨ ᠮᠡᠷᠭᠡᠵᠢᠯ ᠤᠨ ᠠᠵᠢᠯᠲᠠᠳ ᠭᠤᠶᠤᠴᠢᠯᠠᠭᠰᠠᠨ ᠪᠠᠭᠤᠳᠠᠯ ᠤᠨ ᠦᠢᠯᠡᠰ ᠲᠤ | ᠪᠠᠭᠤᠳᠠᠯ ᠤᠨ ᠦᠢᠯᠡᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ | ᠤᠭᠰᠠᠷᠠᠯᠲᠠ ᠶᠢᠨ ᠠᠵᠢᠯ ᠢ ᠲᠠᠰ ᠳᠠᠷᠠᠭᠠᠯᠠᠨ ᠬᠢᠵᠦ᠂ ᠠᠷᠠᠳ ᠤᠨ ᠴᠠᠭᠳᠠᠭ᠎ᠠ ᠡᠯ᠎ᠡ ᠪᠠᠭᠤᠳᠠᠯ ᠤᠨ | ᠬᠠᠷᠢᠭᠤᠴᠠᠯᠭᠠᠲᠠᠨ ᠵᠢᠴᠢ ᠠᠵᠢᠯᠯᠠᠭᠰᠠᠳ ᠲᠤ ᠬᠢᠨᠠᠮᠠᠭᠠᠢ ᠪᠣᠯᠪᠠᠰᠤᠷᠠᠯ ᠬᠢᠵᠦ᠂ ᠬᠤᠨᠣᠭᠴᠢᠳ ᠤᠨ ᠦᠨᠡᠨ ᠨᠡᠷ᠎ᠡ ᠪᠠᠷ | ᠳᠠᠩᠰᠠᠯᠠᠬᠤ ᠳᠦᠷᠢᠮ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠨ᠂ ︽ᠦᠨᠡᠮᠯᠡᠯ ᠦᠭᠡᠢ ᠪᠠᠷ | ᠣᠷᠣᠵᠤ ᠰᠠᠭᠤᠬᠤ︾᠂ ︽ᠨᠢᠭᠡ ᠦᠨᠡᠮᠯᠡᠯ ᠢᠶᠠᠷ ᠣᠯᠠᠨ ᠬᠥᠮᠥᠨ ᠣᠷᠣᠵᠤ ᠰᠠᠭᠤᠬᠤ︾ ᠵᠡᠷᠭᠡ ᠦᠵᠡᠭᠳᠡᠯ | ᠡᠭᠦᠰᠬᠦ ᠶᠢ ᠡᠷᠡᠰ ᠬᠤᠷᠢᠭᠯᠠᠪᠠ᠃ ᠡᠭᠦᠨ ᠤ ᠬᠠᠮᠲᠤ ᠤᠭᠰᠠᠷᠠᠬᠤ ᠶᠠᠪᠤᠴᠠ ᠳᠤ᠂ ᠠᠷᠠᠳ ᠤᠨ ᠴᠠᠭᠳᠠᠭ᠎ᠠ ᠡᠯ᠎ᠡ | ᠪᠠᠭᠤᠳᠠᠯ ᠤᠨ ᠬᠠᠷᠢᠭᠤᠴᠠᠯᠭᠠᠲᠠᠨ ᠵᠢᠴᠢ ᠠᠵᠢᠯᠯᠠᠭᠴᠢᠳ ᠲᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ | ᠵᠢᠴᠢ ᠠᠮᠤᠷ ᠲᠦᠪᠰᠢᠨ ᠤ ᠰᠡᠷᠭᠡᠶᠢᠯᠡᠯᠲᠡ ᠵᠡᠷᠭᠡ ᠮᠡᠳᠡᠯᠭᠡ ᠶᠢ ᠢᠳᠡᠪᠬᠢᠲᠡᠢ ᠤᠬᠠᠭᠤᠯᠬᠤ ᠶᠢᠨ ᠬᠠᠮᠲᠤ ᠡᠯ᠎ᠡ | ᠵᠦᠢᠯ ᠤᠨ ᠬᠠᠮᠢᠶᠠᠷᠤᠯᠲᠠ ᠶᠢᠨ ᠳᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠬᠠᠤᠯᠢ ᠴᠠᠭᠠᠵᠠ ᠶᠢᠨ ᠬᠤᠷᠢᠭ᠎ᠠ | ᠱᠤᠭᠤᠮ ᠳᠤ ᠬᠠᠯᠳᠠᠬᠤ ᠦᠭᠡᠢ ᠪᠠᠶᠢᠬᠤ ᠶᠢ ᠱᠠᠭᠠᠷᠳᠠᠪᠠ᠃ | ᠡᠨᠡᠬᠦ ᠠᠵᠢᠯ ᠤᠨ ᠬᠤᠭᠤᠴᠠᠭᠠᠨ ᠳᠤ 6 ᠴᠠᠭᠳᠠᠭ᠎ᠠ᠂ 2 ᠴᠠᠭᠳᠠᠭᠠᠨ ᠤ ᠲᠡᠷᠭᠡ ᠬᠦᠳᠡᠯᠭᠡᠵᠦ᠂ | ᠪᠠᠭᠤᠳᠠᠯ ᠤᠨ ᠦᠢᠯᠡᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠰᠲ᠋ᠧᠮ ᠢ 14 ᠤᠭᠰᠠᠷᠠᠵᠤ᠂ 20 | ᠬᠥᠮᠥᠨ ᠢ ᠪᠣᠯᠪᠠᠰᠤᠷᠠᠭᠤᠯᠤᠨ᠂ ᠮᠠᠨᠳᠤᠬᠤᠪᠤᠯᠠᠭ ᠬᠢᠯᠢ ᠶᠢᠨ ᠲᠣᠮᠢᠯᠠᠭᠰᠠᠨ ᠰᠠᠯᠪᠤᠷᠢ ᠶᠢᠨ ᠬᠠᠷᠢᠶ᠎ᠠ ᠣᠷᠣᠨ ᠤ | ᠪᠠᠭᠤᠳᠠᠯ ᠤᠨ ᠦᠢᠯᠡᠰ ᠤᠨ ᠦᠨᠡᠨ ᠨᠡᠷ᠎ᠡ ᠪᠠᠷ ᠳᠠᠩᠰᠠᠯᠠᠬᠤ ᠰᠢᠰᠲ᠋ᠧᠮ ᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ | ᠠᠵᠢᠯᠯᠠᠵᠤ ᠪᠠᠶᠢᠭ᠎ᠠ ᠬᠥᠮᠥᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠤᠯᠠᠮ ᠨᠢᠭᠡ ᠠᠯᠬᠤᠮ | ᠳᠡᠭᠡᠭᠡᠰᠢᠯᠡᠭᠦᠯᠦᠨ᠂ ᠠᠮᠤᠷ ᠲᠦᠪᠰᠢᠨ ᠤ ᠳᠠᠯᠳᠠ ᠭᠡᠮ ᠰᠣᠭᠤᠭ ᠢ ᠴᠠᠭ ᠲᠤᠬᠠᠢ ᠳᠤᠨᠢ ᠠᠷᠢᠯᠭᠠᠵᠤ᠂ ᠬᠠᠷᠢᠶ᠎ᠠ | ᠣᠷᠣᠨ ᠤ ᠨᠡᠶᠢᠭᠡᠮ ᠤᠨ ᠠᠮᠤᠷ ᠲᠦᠪᠰᠢᠨ ᠤ ᠦᠷᠭᠦᠯᠵᠢᠯᠡᠨ ᠲᠣᠭᠲᠠᠭᠤᠨ᠂ ᠤᠷᠲᠤ ᠬᠤᠭᠤᠴᠠᠭ᠎ᠠ ᠪᠠᠷ | ᠲᠣᠭᠲᠠᠭᠤᠨ᠂ ᠪᠦᠬᠦ ᠲᠠᠯ᠎ᠠ ᠪᠠᠷ ᠲᠣᠭᠲᠠᠭᠤᠨ ᠪᠠᠶᠢᠬᠤ ᠳᠤ ᠠᠮᠤᠷ ᠲᠦᠪᠰᠢᠨ ᠤ ᠪᠠᠲᠤᠯᠠᠭ᠎ᠠ ᠬᠠᠩᠭᠠᠵᠠᠢ᠃ |