ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ | ᠪᠠᠭᠢᠵᠢᠭᠦᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠦᠨ᠂ | ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢᠨ ᠲᠤᠰᠠᠳᠠ᠂ ᠲᠤᠰᠤᠨᠨᠠᠭᠤᠷ ᠭᠠᠴᠠᠭ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠬᠢᠵᠢᠭᠦᠯᠬᠦ ᠤᠬᠠᠭᠤᠯᠤᠨ ᠲᠠᠶᠢᠯᠪᠤᠷᠢᠯᠠᠬᠤ ᠬᠤᠷᠠᠯ ᠬᠤᠷᠠᠯᠳᠤᠭᠤᠯᠵᠤ᠂ ᠭᠠᠴᠠᠭ᠎ᠠ | ᠲᠠᠭᠠᠭᠠᠴᠢᠯᠠᠭᠰᠠᠨ ᠤᠳᠤᠷᠢᠳᠤᠯᠭ᠎ᠠ᠂ ᠭᠠᠴᠠᠭᠠᠨ ᠤ ︽ᠬᠤᠶᠠᠷ ᠵᠥᠪᠯᠡᠯ︾ ᠤᠨ ᠬᠡᠰᠢᠭᠦᠳ᠂ ᠭᠠᠴᠠᠭᠠᠨ ᠤ | ᠠᠷᠠᠳ ᠤᠨ ᠲᠥᠯᠥᠭᠡᠯᠡᠭᠴᠢ᠂ ᠮᠠᠯᠴᠢᠨ ᠲᠦᠮᠡᠨ ᠬᠤᠷᠠᠯ ᠳᠤ ᠣᠷᠣᠯᠴᠠᠵᠠᠢ᠃ | ᠬᠤᠷᠠᠯ ᠳᠤ᠂ ᠭᠠᠴᠠᠭᠠᠨ ᠤ ᠨᠠᠮ ᠤᠨ ᠡᠭᠦᠷ ᠤᠨ ᠱᠦᠵᠢ᠂ ᠭᠠᠴᠠᠭᠠᠨ ᠤ ᠳᠠᠷᠤᠭ᠎ᠠ ᠮᠡᠷᠭᠡᠨᠪᠠᠶᠠᠷ ᠠᠴᠠ | ᠠᠳᠠᠯᠢ ᠪᠤᠰᠤ ᠲᠠᠯ᠎ᠠ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠬᠢᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠲᠠᠶᠢᠯᠪᠤᠷᠢᠯᠠᠵᠤ᠂ ᠲᠦᠭᠦᠮ ᠣᠶᠢᠯᠠᠭᠠᠮᠵᠢᠲᠠᠢ ᠦᠭᠡ ᠶᠡᠷᠢᠶ᠎ᠠ᠂ | ᠠᠮᠢᠳᠤᠯᠢᠭ ᠵᠢᠱᠢᠶ᠎ᠡ᠂ ᠠᠷᠭ᠎ᠠ ᠬᠡᠯᠪᠡᠷᠢ ᠪᠠᠷ ᠨᠠᠮ ᠤᠨ ᠰᠠᠶᠢᠨ ᠲᠦᠷᠦ ᠶᠢᠨ ᠪᠣᠳᠣᠯᠭ᠎ᠠ ᠶᠢ ᠲᠠᠶᠢᠯᠪᠤᠷᠢᠯᠡᠨ᠂ ᠮᠠᠯᠴᠢᠨ | ᠲᠦᠮᠡᠨ ᠳᠤ ᠨᠠᠮ ᠤᠨ ᠬᠠᠶᠢᠷ᠎ᠠ ᠬᠠᠯᠠᠮᠵᠢ ᠶᠢ ᠦᠨᠡᠨᠬᠦ ᠮᠡᠳᠡᠷᠡᠭᠦᠯᠵᠡᠢ᠃ | ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠬᠤᠷᠠᠯ ᠢᠶᠠᠷ ᠳᠠᠮᠵᠢᠭᠤᠯᠤᠨ᠂ ᠨᠠᠮ ᠤᠨ ᠦᠨᠳᠦᠰᠦᠲᠡᠨ ᠤ | ᠣᠨᠣᠯ᠂ ᠲᠥᠷᠥ ᠶᠢᠨ ᠪᠣᠳᠣᠯᠭ᠎ᠠ ᠶᠢᠨ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ | ᠲᠦᠯᠬᠢᠨ ᠠᠬᠢᠭᠤᠯᠵᠤ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠥᠷᠭᠡᠨ ᠣᠯᠠᠨ | ᠮᠠᠯᠴᠢᠳ ᠤᠨ ᠳᠤᠮᠳᠠ ᠦᠨᠡᠨᠬᠦ ᠰᠠᠶᠢᠲᠤᠷ ᠤᠬᠠᠭᠤᠯᠤᠨ ᠰᠠᠶᠢᠲᠤᠷ ᠨᠠᠶᠢᠳᠠᠪᠤᠷᠢᠵᠢᠭᠤᠯᠤᠨ᠂ ᠮᠠᠯᠴᠢᠳ ᠤᠨ ᠨᠠᠮ ᠤᠨ | ᠣᠨᠣᠯ ᠲᠥᠷᠥ ᠶᠢᠨ ᠪᠣᠳᠣᠯᠭ᠎ᠠ ᠶᠢᠨ ᠲᠤᠬᠠᠢ ᠣᠶᠢᠯᠠᠭᠠᠬᠤ ᠬᠡᠮᠵᠢᠶ᠎ᠡ ᠶᠢ ᠲᠡᠭᠡᠭᠰᠢᠯᠡᠭᠦᠯᠵᠤ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃ |