ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠠᠯᠮᠠᠰ ᠨᠠᠷ ᠤᠯᠢᠶᠠᠰᠤᠲᠠᠢ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/5/20
      5 ᠰᠠᠷ᠎ᠠ ᠶᠢᠨ 10 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠠᠯᠮᠠᠰ   ᠨᠠᠷ ᠤᠯᠢᠶᠠᠰᠤᠲᠠᠢ ᠪᠠᠯᠭᠠᠰᠤᠨ ᠳᠤ ᠭᠦᠨᠵᠡᠭᠡᠶᠢᠷᠡᠵᠦ ᠬᠠᠪᠤᠷ ᠤᠨ ᠤᠯᠠᠷᠢᠯ ᠤᠨ ᠮᠠᠯ ᠠᠵᠤ ᠠᠬᠤᠢ ᠶᠢᠨ ᠦᠢᠯᠡᠳᠪᠦᠷᠢᠯᠡᠯ᠂ ᠪᠡᠯᠴᠢᠭᠡᠷᠯᠡᠭᠦᠯᠬᠦ ᠶᠢ ᠵᠣᠭᠰᠤᠭᠠᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠬᠠᠮᠲᠤ ᠶᠢᠨ ᠠᠵᠤ ᠦᠢᠯᠡᠰ ᠢ ᠬᠥᠭᠵᠢᠭᠦᠯᠬᠦ᠂ ᠬᠡᠪᠰᠢᠮᠡᠯ ᠵᠠᠩ ᠳᠠᠳᠬᠠᠯ ᠢ ᠥᠭᠡᠷᠡᠴᠢᠯᠡᠬᠦ ᠲᠤᠰᠬᠠᠢ ᠲᠦᠷᠦᠯ ᠤᠨ ᠴᠡᠭᠴᠡᠯᠡᠨ ᠵᠠᠰᠠᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ᠂ ᠨᠠᠮ ᠤᠨ ᠭᠡᠰᠢᠭᠦᠨ ᠪᠠ ᠤᠯᠠᠨ ᠲᠦᠮᠡᠨ ᠳᠤ ᠦᠢᠯᠡᠴᠢᠯᠡᠬᠦ ᠲᠥᠪ ᠢ ᠳᠦᠷᠢᠮᠵᠢᠭᠦᠯᠦᠨ ᠪᠠᠶᠢᠭᠤᠯᠬᠤ ᠵᠡᠷᠭᠡ ᠲᠠᠯ᠎ᠠ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃ ᠤᠯᠢᠶᠠᠰᠤᠲᠠᠢ ᠪᠠᠯᠭᠠᠰᠤᠨ ᠤ ᠨᠠᠮ ᠵᠠᠰᠠᠭ ᠤᠨ ᠭᠤᠣᠯ ᠤᠳᠤᠷᠢᠳᠤᠯᠭ᠎ᠠ ᠵᠢᠴᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠪᠠᠷ᠎ᠠ ᠪᠤᠯᠪᠠ᠃      ᠠᠯᠮᠠᠰ ᠱᠦᠵᠢ ᠠᠮᠤᠭᠤᠯᠠᠩᠪᠤᠯᠠᠭ᠂ ᠲᠤᠯᠠᠭᠠᠨ᠂ ᠠᠩᠭᠠᠷ᠂ ᠪᠠᠶᠠᠨᠭᠤᠪᠢ ᠵᠡᠷᠭᠡ ᠳᠥᠷᠪᠡᠨ ᠭᠠᠴᠠᠭᠠᠨ ᠳᠤ ᠬᠦᠷᠴᠦ᠂ ᠣᠯᠠᠨ ᠲᠦᠮᠡᠨ ᠲᠠᠢ ᠳᠣᠲᠣᠨᠣ ᠪᠠᠷ ᠶᠠᠷᠢᠯᠴᠠᠵᠤ᠂ ᠬᠠᠪᠤᠷ ᠤᠨ ᠤᠯᠠᠷᠢᠯ ᠤᠨ  ᠲᠦᠯ ᠲᠤᠰᠴᠤ ᠪᠣᠶᠢᠵᠢᠭᠤᠯᠬᠤ᠂ ᠪᠡᠯᠴᠢᠭᠡᠷᠯᠡᠭᠦᠯᠬᠦ ᠶᠢ ᠵᠣᠭᠰᠤᠭᠠᠬᠤ ᠬᠤᠭᠤᠴᠠᠭᠠᠨ ᠳᠠᠬᠢ ᠡᠪᠡᠰᠦ ᠪᠣᠷᠳᠤᠭ᠎ᠠ ᠶᠢᠨ ᠨᠥᠭᠡᠴᠡᠯᠡᠯᠲᠡ ᠪᠠ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠤᠨ ᠬᠤᠪᠢᠷᠠᠭᠤᠯᠤᠯᠲᠠ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠬᠤ ᠶᠢᠨ ᠬᠠᠮᠲᠤ᠂ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠭᠠᠴᠠᠭᠠᠨ ᠵᠥᠪᠯᠡᠯ ᠢ ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠶᠢ ᠪᠣᠳᠣᠯᠬᠢᠯᠠᠨ ᠬᠤᠪᠢᠷᠠᠯᠲᠠ ᠶᠢ ᠡᠷᠢᠯᠬᠢᠯᠡᠵᠦ᠂ ᠵᠠᠬ᠎ᠠ ᠳᠡᠯᠭᠡᠭᠦᠷ ᠤᠨ ᠠᠵᠠ ᠲᠣᠬᠢᠶᠠᠯ ᠢ ᠡᠵᠡᠮᠳᠡᠬᠦ ᠴᠢᠳᠠᠪᠤᠷᠢ ᠪᠠᠨ ᠴᠢᠷᠮᠠᠶᠢᠨ ᠳᠡᠭᠡᠭᠰᠢᠯᠡᠭᠦᠯᠵᠦ᠂ ᠮᠠᠯᠴᠢᠳ ᠢ ᠵᠢᠯᠣᠭᠤᠳᠤᠨ ᠬᠠᠪᠰᠤᠷᠴᠤ ᠪᠠᠶᠢᠭᠠᠳ ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠵᠤ᠂ ᠬᠥᠭᠵᠢᠯᠲᠡ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠮᠠᠯᠴᠢᠨ ᠲᠦᠮᠡᠨ ᠤ ᠠᠮᠢᠳᠤᠷᠠᠯ ᠤᠨ ᠣᠷᠣᠯᠭ᠎ᠠ ᠵᠠᠷᠤᠯᠭ᠎ᠠ ᠶᠢᠨ ᠲᠠᠩᠰᠠ ᠶᠢ ᠰᠠᠶᠢᠲᠤᠷ ᠪᠤᠳᠤᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠵᠤ᠂ ᠠᠵᠢᠯᠴᠢ ᠬᠥᠳᠡᠯᠮᠦᠷᠢᠴᠢ ᠬᠤᠶᠠᠷ ᠭᠠᠷ ᠢᠶᠠᠷ ᠢᠶᠠᠨ ᠵᠣᠯ ᠵᠢᠷᠭᠠᠯᠲᠤ ᠠᠮᠢᠳᠤᠷᠠᠯ ᠢᠶᠠᠨ ᠴᠣᠭᠴᠠᠯᠠᠬᠤ ᠶᠢ ᠵᠤᠷᠢᠭᠵᠢᠭᠤᠯᠬᠤ ᠬᠡᠷᠡᠭᠲᠡᠢ ᠭᠡᠵᠦ ᠴᠢᠬᠤᠯᠠᠴᠢᠯᠠᠵᠡᠢ᠃      ᠠᠮᠤᠭᠤᠯᠠᠩᠪᠤᠯᠠᠭ ᠭᠠᠴᠠᠭ᠎ᠠ ᠶᠢᠨ ᠰᠢᠨ᠎ᠡ ᠪᠠᠷ ᠪᠦᠲᠦᠭᠡᠨ ᠪᠠᠶᠢᠭᠤᠯᠤᠭᠰᠠᠨ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ ᠪᠠ ᠦᠩᠲᠦ᠂ ᠰᠢᠭᠤᠶᠢᠲᠤ᠂ ᠬᠠᠯᠠᠭᠠᠶᠢᠲᠤ ᠵᠡᠷᠭᠡ ᠭᠤᠷᠪᠠᠨ ᠭᠠᠴᠠᠭ᠎ᠠ ᠶᠢᠨ ᠪᠦᠲᠦᠭᠡᠨ ᠪᠠᠶᠢᠭᠤᠯᠵᠤ ᠪᠠᠶᠢᠭ᠎ᠠ ᠠᠵᠤ ᠦᠢᠯᠡᠰ ᠤᠨ ᠰᠠᠭᠤᠷᠢᠨ ᠭᠠᠵᠠᠷ ᠲᠤ ᠬᠦᠷᠴᠦ᠂ ᠠᠯᠮᠠᠰ ᠱᠦᠵᠢ ᠠᠴᠠ ᠨᠠᠮ  ᠤᠨ ᠭᠡᠰᠢᠭᠦᠨ ᠪᠣᠯᠣᠨ ᠤᠯᠠᠨ ᠲᠦᠮᠡᠨ ᠲᠦᠪ ᠢ ᠳᠡᠰ ᠳᠡᠪᠰᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠢ ᠬᠡᠷᠡᠭᠵᠢᠭᠦᠯᠬᠦ ᠶᠢ ᠵᠣᠯᠭᠠᠭᠤᠯᠬᠤ᠂ ᠬᠠᠮᠲᠤ ᠶᠢᠨ ᠠᠵᠤ ᠠᠬᠤᠢ ᠶᠢᠨ ᠡᠵᠡᠩᠨᠡᠯᠲᠡ ᠶᠢᠨ ᠵᠠᠭᠪᠤᠷ ᠤᠨ ᠰᠢᠨ᠎ᠡ ᠶᠢ ᠡᠭᠦᠳᠬᠦ ᠵᠡᠷᠭᠡ ᠲᠠᠯ᠎ᠠ ᠶᠢᠨ ᠠᠵᠢᠯ ᠤᠨ ᠠᠬᠢᠴᠠ ᠶᠢᠨ ᠪᠠᠶᠢᠳᠠᠯ ᠢ ᠭᠦᠨᠵᠡᠭᠡᠢ ᠣᠶᠢᠯᠠᠭᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ︽ᠨᠢᠭᠡᠳᠦᠭᠡᠷ ᠹᠷᠣᠨᠲ ᠤᠨ ᠵᠢᠯᠤᠭᠤᠳᠬᠤ ᠭᠠᠵᠠᠷ︾ ᠤᠨ ᠵᠠᠩᠭᠢᠯᠠᠭ᠎ᠠ ᠶᠢᠨ ᠦᠢᠯᠡᠳᠦᠯ ᠢ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠣᠯᠠᠨ ᠲᠦᠮᠡᠨ ᠢ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠲᠠᠷᠠᠭᠤᠯᠬᠤ᠂ ᠦᠢᠯᠡᠴᠢᠯᠡᠬᠦ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠥᠨᠳᠥᠷ ᠪᠠᠷᠢᠮᠵᠢᠶᠠᠲᠤ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠵᠤ᠂ ᠣᠯᠠᠨ ᠲᠦᠮᠡᠨ ᠤ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠢ︔ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠠᠵᠤ ᠦᠢᠯᠡᠰ ᠤᠨ ᠬᠥᠭᠵᠢᠯᠲᠡ ᠶᠢᠨ ᠪᠥᠬᠦ ᠶᠠᠪᠤᠴᠠ ᠳᠤ ᠲᠤᠭᠤᠰᠢᠯᠠᠭᠤᠯᠬᠤ ᠶᠢ ᠪᠠᠷᠢᠮᠲᠠᠯᠠᠵᠤ᠂ ᠲᠥᠷᠥᠯ ᠵᠦᠢᠯ ᠤᠨ ᠪᠡᠯᠡ ᠮᠥᠩᠭᠦ ᠪᠠᠷ ᠲᠡᠳᠬᠦᠬᠦ ᠳᠠᠪᠠᠭᠤᠯᠢᠭ ᠢ ᠰᠠᠶᠢᠲᠤᠷ ᠪᠠᠳᠠᠷᠠᠭᠤᠯᠵᠤ᠂ ᠭᠠᠴᠠᠭ᠎ᠠ ᠶᠢᠨ ᠪᠣᠳᠠᠲᠠᠢ ᠲᠠᠢ ᠤᠶᠠᠯᠳᠤᠭᠤᠯᠤᠨ ᠣᠯᠠᠨ ᠡᠰᠢᠲᠦ ᠡᠵᠡᠩᠨᠡᠯᠲᠡ ᠶᠢᠨ ᠵᠠᠭᠪᠤᠷ ᠢ ᠠᠭᠤᠳᠠᠯᠤᠨ ᠥᠷᠭᠡᠳᠬᠡᠵᠦ᠂ ᠠᠳᠤᠭᠤᠨ ᠤ ᠠᠵᠤ ᠦᠢᠯᠡᠰ᠂ ᠰᠦ ᠶᠢᠨ ᠠᠵᠤ ᠦᠢᠯᠡᠰ ᠵᠡᠷᠭᠡ ᠣᠨᠴᠠᠯᠢᠭᠲᠤ ᠳᠠᠪᠠᠭᠤᠯᠢᠭ ᠠᠵᠤ ᠦᠢᠯᠡᠰ ᠢ ᠬᠦᠭᠵᠢᠭᠦᠯᠬᠦ ᠶᠢ ᠯᠠᠪᠳᠠᠭᠤᠨ ᠢᠶᠠᠷ ᠰᠠᠶᠢᠲᠤᠷ ᠬᠢᠬᠦ ᠬᠡᠷᠡᠭᠲᠡᠢ︔ ᠡᠭᠦᠨ ᠤ ᠬᠠᠮᠲᠤ᠂ ᠬᠠᠮᠲᠤ ᠶᠢᠨ ᠠᠵᠤ ᠦᠢᠯᠡᠰ ᠬᠢᠭᠡᠳ ᠮᠠᠯᠴᠢᠨ ᠲᠦᠮᠡᠨ ᠤ ᠬᠤᠭᠤᠷᠣᠨᠳᠣᠬᠢ ᠠᠰᠢᠭ ᠲᠤᠰᠠ ᠶᠢᠨ ᠬᠤᠯᠪᠣᠭ᠎ᠠ ᠶᠢᠨ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠣᠯᠠᠨ ᠲᠦᠮᠡᠨ ᠢ ᠪᠦᠲᠦᠮᠵᠢᠲᠡᠶ ᠪᠠᠷ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠡ᠂      ᠡᠭᠦᠨ ᠠᠴᠠ ᠭᠠᠳᠠᠨ᠎ᠠ᠂ ᠠᠯᠮᠠᠰ ᠱᠦᠵᠢ ᠪᠠᠰᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ᠂ ᠠᠮᠢᠲᠠᠨ ᠤ ᠬᠢᠵᠢᠭ ᠢ ᠰᠡᠷᠭᠡᠶᠢᠯᠡᠬᠦ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠲᠠᠯ᠎ᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠳᠤ ᠨᠠᠷᠢᠨ ᠣᠨᠣᠪᠴᠢᠲᠠᠶ ᠪᠠᠶᠢᠴᠠᠭᠠᠨ ᠰᠤᠳᠤᠯᠤᠯᠲᠠ ᠬᠢᠪᠠ᠃
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号