ᠤᠯᠢᠶᠠᠰᠤᠲᠠᠢ ᠪᠠᠯᠭᠠᠰᠤᠨ ᠤ ᠰᠦᠨᠪᠤᠯᠠᠭ ᠨᠡᠶᠢᠭᠡᠮ ᠲᠣᠭᠤᠷᠢᠭ ᠨᠢ ᠬᠤᠰᠢᠭᠤ ᠮᠣᠩᠭᠤᠯ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ ᠵᠢᠴᠢ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/20
      ᠡᠷᠡᠭᠦᠯ ᠮᠡᠨᠳᠦ ᠶᠢᠨ ᠮᠡᠳᠡᠯᠭᠡ ᠶᠢ ᠥᠷᠭᠡᠨ ᠢᠶᠠᠷ ᠤᠯᠠᠮᠵᠢᠯᠠᠵᠤ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠶᠢᠨ ᠲᠥᠯᠥᠭᠡ᠂ 5 ᠰᠠᠷ᠎ᠠ ᠶᠢᠨ 7 ᠤ ᠡᠳᠦᠷ᠂ ᠤᠯᠢᠶᠠᠰᠤᠲᠠᠶ ᠪᠠᠯᠭᠠᠰᠤᠨ ᠤ ᠰᠦᠨᠪᠤᠯᠠᠭ ᠨᠡᠶᠢᠭᠡᠮ ᠲᠣᠭᠤᠷᠢᠭ ᠪᠣᠯᠤᠨ ᠬᠠᠮᠲᠤᠷᠠᠭᠰᠠᠨ ᠨᠠᠮ ᠤᠨ ᠬᠤᠷᠢᠶ᠎ᠠ ᠶᠢᠨ ᠪᠦᠷᠢᠯᠳᠦᠬᠦᠨ ᠨᠢᠭᠡᠴᠡ ᠬᠤᠰᠢᠭᠤ ᠮᠣᠩᠭᠤᠯ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠨᠡᠷᠡᠨ ᠭᠡᠷᠡᠯ ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠠᠰᠠᠷ ᠲᠤ ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠦᠮᠵᠢ ᠵᠢᠴᠢ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠬᠠᠷᠢᠶᠠᠲᠤ ᠣᠷᠣᠨ ᠤ 30 ᠭᠠᠷᠤᠶ ᠰᠠᠭᠤᠭᠠᠯᠢ ᠠᠷᠠᠳ ᠠᠵᠢᠯᠯᠠᠭ᠎ᠠ ᠳᠤ ᠣᠷᠣᠯᠴᠠᠵᠠᠶ᠃      ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠬᠤᠰᠢᠭᠤ ᠮᠣᠩᠭᠤᠯ ᠡᠮᠨᠡᠯᠭᠡ ᠶᠢᠨ ᠬᠤᠷᠢᠶ᠎ᠠ ᠶᠢᠨ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠤ ᠰᠠᠯᠠᠭᠠᠨ ᠤ ᠲᠤᠰᠬᠠᠶ ᠡᠮᠴᠢ ᠱᠦᠯᠬᠦᠭᠡ ᠡᠪᠡᠳᠴᠢᠨ ᠢ ᠰᠡᠷᠭᠡᠶᠢᠯᠡᠨ ᠵᠠᠰᠠᠬᠤ᠂ ᠥᠮᠡᠨ ᠢ ᠰᠡᠷᠭᠡᠶᠢᠯᠡᠨ ᠥᠮᠡᠨ ᠢ ᠡᠰᠡᠷᠭᠦᠴᠡᠬᠦ᠂ ᠲᠠᠮᠠᠬᠢ ᠴᠠᠭᠠᠵᠠᠯᠠᠵᠤ ᠲᠠᠮᠠᠬᠢ ᠬᠢᠵᠠᠭᠠᠷᠯᠠᠬᠤ ᠵᠡᠷᠭᠡ ᠡᠷᠡᠭᠦᠯ ᠮᠡᠨᠳᠦ ᠶᠢᠨ ᠮᠡᠳᠡᠯᠭᠡ ᠶᠢ ᠭᠦᠨᠵᠡᠭᠡᠶ ᠪᠥᠭᠡᠳ ᠤᠶᠢᠯᠠᠭᠠᠮᠵᠢᠲᠠᠢ ᠪᠠᠷ ᠲᠠᠶᠢᠯᠪᠤᠷᠢᠯᠠᠵᠦ᠂ ᠰᠠᠭᠤᠭᠠᠯᠢ ᠠᠷᠠᠳ ᠢ ᠬᠠᠪᠰᠤᠷᠤᠨ ᠡᠷᠡᠭᠦᠯ ᠮᠡᠨᠳᠦ ᠶᠢᠨ ᠠᠳᠡᠭᠦᠷᠡᠯ ᠢ ᠲᠠᠶᠠᠭᠳᠠᠭᠤᠯᠵᠤ᠂ ᠡᠷᠡᠭᠦᠯ ᠮᠡᠨᠳᠦ ᠶᠢᠨ ᠦᠨᠳᠦᠰᠦᠨ ᠮᠡᠳᠡᠯᠭᠡ ᠪᠠ ᠤᠷ᠎ᠠ ᠴᠢᠳᠠᠪᠤᠷᠢ ᠶᠢ ᠡᠵᠡᠮᠰᠢᠭᠦᠯᠪᠡ᠃ ᠲᠠᠶᠢᠯᠤᠮᠵᠢ ᠬᠢᠭᠰᠡᠨ ᠤ ᠳᠠᠷᠠᠭ᠎ᠠ᠂ ᠡᠮᠴᠢ ᠨᠡᠷ ᠪᠠᠰᠠ ᠰᠠᠭᠤᠭᠠᠯᠢ ᠠᠷᠠᠳ ᠲᠤ ᠰᠤᠳᠠᠯ ᠪᠠᠷᠢᠵᠤ ᠣᠨᠣᠰᠢᠯᠠᠬᠤ᠂ ᠴᠢᠰᠤᠨ ᠳᠠᠷᠤᠯᠲᠠ ᠴᠢᠰᠤᠨ ᠰᠢᠬᠢᠷ ᠢ ᠬᠡᠮᠵᠢᠬᠦ ᠵᠡᠷᠭᠡ ᠦᠢᠯᠡᠴᠢᠯᠡᠭᠡ ᠬᠠᠩᠭᠠᠵᠤ᠂ ᠲᠡᠳᠡᠨ ᠤ ᠡᠳᠦᠷ ᠲᠤᠲᠤᠮ ᠤᠨ ᠵᠠᠩ ᠳᠠᠳᠬᠠᠯ ᠵᠢᠴᠢ ᠪᠡᠶ᠎ᠡ ᠮᠠᠬᠠᠪᠣᠳ ᠤᠨ ᠪᠠᠶᠢᠳᠠᠯ ᠢ ᠬᠦᠯᠢᠴᠡᠩᠭᠦᠶ ᠪᠠᠷ ᠠᠰᠠᠭᠤᠨ ᠯᠠᠪᠯᠠᠵᠤ᠂ ᠲᠡᠳᠡᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠡᠳᠡᠨ ᠳᠤ ᠵᠣᠬᠢᠴᠠᠭᠤᠯᠬᠤ ᠪᠠ ᠤᠷᠢᠳᠴᠢᠯᠠᠨ ᠰᠡᠷᠭᠡᠶᠢᠯᠡᠬᠦ ᠡᠷᠡᠭᠦᠯ ᠮᠡᠨᠳᠦ ᠶᠢ ᠬᠠᠮᠠᠭᠠᠯᠠᠬᠤ ᠪᠡᠶ᠎ᠡ ᠰᠤᠪᠢᠯᠠᠯᠲᠠ ᠶᠢᠨ ᠰᠠᠨᠠᠭᠤᠯᠭ᠎ᠠ ᠶᠢ ᠥᠭᠭᠦᠭᠰᠡᠨ ᠪᠠᠶᠢᠨ᠎ᠠ᠃ ᠲᠤᠬᠠᠶ ᠶᠢᠨ ᠲᠠᠯᠠᠪᠤᠷ ᠲᠤ ᠪᠠᠰᠠ 50 ᠭᠠᠷᠤᠶ ᠬᠤᠪᠢ ᠡᠷᠡᠭᠦᠯ ᠮᠡᠨᠳᠦ ᠶᠢᠨ ᠮᠡᠳᠡᠯᠭᠡ ᠶᠢᠨ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ ᠡᠯ᠎ᠡ ᠲᠥᠷᠥᠯ ᠤᠨ ᠪᠠᠶᠢᠩᠭᠤ ᠲᠣᠬᠢᠶᠠᠯᠳᠤᠬᠤ ᠡᠪᠡᠳᠴᠢᠨ ᠡᠮᠭᠡᠭ ᠢ ᠤᠷᠢᠳᠴᠢᠯᠠᠨ ᠰᠡᠲᠭᠡᠶᠢᠯᠡᠬᠦ᠂ ᠡᠷᠡᠭᠦᠯ ᠮᠡᠨᠳᠦ ᠶᠢᠨ ᠢᠳᠡᠭᠡᠨ ᠤᠮᠳᠠᠭᠠᠨ᠂ ᠪᠡᠶ᠎ᠡ ᠶᠢᠨ ᠲᠠᠮᠢᠷ ᠤᠨ ᠬᠥᠳᠡᠯᠭᠡᠭᠡᠨ ᠪᠡᠶ᠎ᠡ ᠴᠢᠭᠢᠷᠠᠭᠵᠢᠭᠤᠯᠤᠯᠲᠠ ᠵᠡᠷᠭᠡ ᠲᠠᠯ᠎ᠠ ᠶᠢᠨ ᠠᠭᠤᠯᠭ᠎ᠠ ᠶᠢ ᠬᠠᠮᠤᠷᠴᠤ᠂ ᠰᠠᠭᠤᠭᠠᠯᠢ ᠠᠷᠠᠳ ᠲᠤ ᠡᠯᠪᠡᠭ ᠪᠠᠶᠠᠯᠢᠭ ᠡᠷᠡᠭᠦᠯ ᠮᠡᠨᠳᠦ ᠶᠢᠨ ᠰᠤᠷᠤᠯᠴᠠᠯᠭ᠎ᠠ ᠶᠢᠨ ᠡᠬᠢ ᠪᠠᠶᠠᠯᠢᠭ ᠢ ᠬᠠᠩᠭᠠᠭᠰᠠᠨ ᠪᠠᠶᠢᠨ᠎ᠠ᠃      ᠲᠣᠰ ᠤᠳᠠᠭᠠᠨ ᠤ ᠠᠵᠢᠯᠯᠠᠭ᠎ᠠ ᠨᠢ ᠰᠠᠭᠤᠭᠠᠯᠢ ᠠᠷᠠᠳ ᠲᠤ ᠨᠠᠩ ᠣᠯᠠᠨ ᠡᠷᠡᠭᠦᠯ ᠮᠡᠨᠳᠦ ᠶᠢᠨ ᠮᠡᠳᠡᠯᠭᠡ ᠶᠢ ᠣᠶᠢᠯᠠᠭᠠᠭᠤᠯᠤᠭᠰᠠᠨ ᠢᠶᠠᠷ ᠪᠠᠷᠠᠬᠤ ᠥᠬᠡᠶ᠂ ᠪᠠᠰᠠ ᠲᠡᠳᠡᠨ ᠢ ᠬᠠᠪᠰᠤᠷᠤᠨ ᠰᠢᠨᠵᠢᠯᠡᠬᠦ ᠤᠬᠠᠭᠠᠨᠴᠢ ᠡᠷᠡᠭᠦᠯ ᠮᠡᠨᠳᠦ ᠶᠢᠨ ᠤᠶᠢᠯᠭᠠᠭᠳᠠᠬᠤᠨ ᠢ ᠪᠣᠶ ᠪᠣᠯᠭᠠᠵᠤ᠂ ᠡᠪᠡᠳᠴᠢᠨ ᠰᠡᠷᠭᠡᠶᠢᠯᠡᠬᠦ ᠤᠬᠠᠮᠰᠠᠷ ᠢ ᠨᠢ ᠳᠡᠭᠡᠭᠰᠢᠯᠡᠭᠦᠯᠪᠠ᠃ ᠰᠠᠭᠤᠭᠠᠯᠢ ᠠᠷᠠᠳ ᠨᠡᠶᠢᠭᠡᠮ ᠲᠣᠭᠤᠷᠢᠭ ᠤᠨ ᠬᠢᠨ ᠬᠤᠶᠢᠰᠢᠳᠠ ᠡᠶᠢᠮᠦᠷᠬᠦ ᠡᠷᠡᠭᠦᠯ ᠮᠡᠨᠳᠦ ᠶᠢᠨ ᠲᠠᠶᠢᠯᠦᠮᠵᠢ ᠵᠢᠴᠢ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠠᠩ ᠣᠯᠠᠨ ᠬᠥᠮᠦᠰ ᠲᠤ ᠠᠰᠢᠭ ᠬᠦᠷᠲᠡᠭᠡᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃      ᠳᠠᠷᠠᠭᠠᠴᠢ ᠶᠢᠨ ᠠᠯᠬᠤᠮ ᠳᠤ᠂ ᠰᠦᠨᠪᠤᠯᠠᠭ ᠨᠡᠶᠢᠭᠡᠮ ᠲᠣᠭᠤᠷᠢᠭ ᠨᠢ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠬᠠᠷᠢᠶ᠎ᠠ ᠤᠷᠤᠨ ᠤ ᠰᠠᠭᠤᠭᠠᠯᠢ ᠠᠷᠠᠳ ᠲᠤ ᠦᠷᠭᠦᠯᠵᠢᠯᠡᠨ ᠳᠣᠲᠣᠨᠣ ᠪᠦᠭᠡᠳ ᠰᠢᠯᠢᠳᠡᠭ ᠤᠯᠠᠨ ᠶᠠᠩᠵᠤ ᠶᠢᠨ ᠦᠢᠯᠡᠴᠢᠯᠡᠭᠡ ᠬᠠᠩᠭᠠᠵᠤ᠂ ᠠᠷᠠᠳ ᠲᠤ ᠲᠦᠭᠦᠮ ᠦᠵᠡᠭᠦᠯᠬᠦ᠂ ᠠᠷᠠᠳ ᠲᠤ ᠠᠰᠢᠭᠲᠠᠢ᠂ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠰᠠᠶᠢᠨ ᠶᠠᠪᠤᠳᠠᠯ ᠢ ᠦᠨᠡᠨᠬᠦ ᠤᠯᠠᠨ ᠲᠦᠮᠡᠨ ᠤ ᠰᠡᠳᠬᠢᠯ ᠳᠤ ᠬᠦᠷᠭᠡᠵᠦ᠂ ᠤᠯᠠᠨ ᠲᠦᠮᠡᠨ ᠤ ᠰᠡᠳᠬᠢᠯ ᠢ ᠮᠡᠳᠡᠭᠴᠢ ᠪᠣᠯᠬᠤ ᠪᠠᠷ ᠴᠢᠷᠮᠠᠶᠢᠨ᠎ᠠ᠃ ᠡᠭᠦᠨ ᠤ ᠵᠡᠷᠭᠡ ᠳᠤ ᠨᠡᠶᠢᠭᠡᠮ ᠲᠣᠭᠤᠷᠢᠭ ᠨᠢ ᠡᠨᠡᠬᠦ ᠠᠵᠢᠯᠯᠠᠭ᠎ᠠ ᠪᠠᠷ ᠡᠬᠢᠯᠡᠯᠲᠡ ᠪᠣᠯᠭᠠᠵᠤ᠂ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠢᠳᠡᠪᠬᠢᠲᠡᠶ ᠪᠠᠷ ᠳᠥᠯᠭᠢᠨ ᠠᠬᠢᠭᠤᠯᠵᠤ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠂ ᠪᠣᠯᠪᠠᠰᠤᠨ ᠪᠥᠭᠡᠳ ᠡᠷᠡᠭᠦᠯ ᠰᠠᠷᠠᠭᠤᠯ ᠨᠡᠶᠢᠭᠡᠮ ᠲᠣᠭᠤᠷᠢᠭ ᠤᠨ ᠣᠷᠴᠢᠨ ᠨᠥᠬᠦᠴᠡᠯ ᠢ ᠪᠤᠶ ᠪᠣᠯᠭᠠᠬᠤ ᠳᠤ ᠪᠠᠲᠤ ᠪᠠᠬᠢ ᠰᠠᠭᠤᠷᠢ ᠲᠠᠯᠪᠢᠵᠤ ᠥᠭᠬᠦ ᠪᠣᠯᠤᠨ᠎ᠠ᠃
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号