ᠠᠯᠲᠠᠨᠬᠢᠯᠢ ᠰᠤᠮᠤ ᠨᠢ ᠬᠠᠭᠤᠴᠢ ᠶᠤᠰᠤ ᠪᠦᠲᠤᠬᠦᠯᠢᠭ ᠳᠠᠳᠬᠠᠯ ᠢ ᠥᠭᠡᠷᠡᠴᠢᠯᠡᠬᠦ ᠪᠠᠷ ᠬᠥᠳᠡᠭᠡ ᠲᠣᠰᠬᠤᠨ ᠤ ᠰᠢᠨ᠎ᠠ ᠬᠡᠪ ᠰᠤᠷᠲᠠᠯ ᠢ ᠠᠬᠢᠭᠤᠯᠵᠤ ᠪᠣᠶ
ᠨᠡᠶᠢᠲᠡᠯᠡᠭᠰᠡᠨ ᠴᠠᠭ᠄
2024/5/21
      ᠬᠠᠷᠢᠶ᠎ᠠ ᠣᠷᠣᠨ ᠤ ᠪᠠᠨ ᠬᠠᠭᠤᠴᠢ ᠶᠤᠰᠤ ᠪᠦᠲᠤᠬᠦᠯᠢᠭ ᠳᠠᠳᠬᠠᠯ ᠢ ᠥᠭᠡᠷᠡᠴᠢᠯᠡᠬᠦ ᠠᠵᠢᠯ ᠢ ᠭᠦᠨᠵᠡᠭᠡᠢ ᠠᠬᠢᠭᠤᠯᠵᠤ᠂ ᠶᠡᠭᠡ ᠪᠠᠷ ᠬᠢᠬᠦ᠂ ᠪᠦᠷᠢᠯᠭᠡᠨ ᠰᠦᠢᠳᠬᠡᠬᠦ᠂ ᠬᠠᠷᠢᠯᠴᠠᠨ ᠠᠳᠠᠯᠢᠳᠬᠠᠬᠤ ᠵᠡᠷᠭᠡ ᠮᠠᠭᠤ ᠰᠤᠷᠲᠠᠯ ᠢ ᠬᠤᠷᠢᠭᠯᠠᠨ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠠᠷᠪᠢᠴᠢ ᠭᠠᠮᠲᠠᠢ᠂ ᠪᠣᠯᠪᠠᠰᠤᠨ᠂ ᠡᠷᠡᠭᠦᠯ ᠴᠢᠭᠢᠷᠠᠭ᠂ ᠰᠢᠨᠵᠢᠯᠡᠬᠦ ᠤᠬᠠᠭᠠᠨᠴᠢ ᠠᠮᠢᠳᠤᠷᠠᠯ ᠤᠨ ᠠᠷᠭ᠎ᠠ ᠮᠠᠶ᠋ᠢᠭ ᠢ ᠪᠤᠶ ᠪᠣᠯᠭᠠᠵᠤ᠂ ᠰᠢᠨᠵᠢᠯᠡᠬᠦ ᠤᠬᠠᠭᠠᠨᠴᠢ ᠪᠣᠯᠪᠠᠰᠤᠨ ᠢ ᠡᠷᠬᠢᠮᠯᠡᠬᠦ᠂  ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠡᠷᠬᠢᠮᠯᠡᠬᠦ ᠰᠠᠶᠢᠨ ᠰᠠᠶᠢᠬᠠᠨ ᠬᠡᠪ ᠰᠤᠷᠲᠠᠯ ᠢ ᠪᠤᠢ ᠪᠤᠯᠭᠠᠬᠤ ᠶᠢᠨ ᠲᠦᠯᠤᠬᠡ᠂ ᠠᠯᠲᠠᠨᠬᠢᠯᠢ ᠰᠤᠮᠤ ᠨᠢ ᠬᠤᠰᠢᠭᠤᠨ ᠤ ᠨᠠᠮ ᠤᠨ ᠬᠤᠷᠢᠶᠠᠨ ᠤ ︽ᠮᠠᠯᠵᠢᠬᠤ ᠣᠷᠣᠨ ᠤ ᠬᠠᠭᠤᠴᠢ ᠶᠤᠰᠤ ᠪᠦᠲᠤᠬᠦᠯᠢᠭ ᠳᠠᠳᠬᠠᠯ ᠢ ᠥᠭᠡᠷᠡᠴᠢᠯᠡᠬᠦ ᠭᠤᠣᠯᠳᠠᠯᠭ᠎ᠠ ᠲᠠᠢ ᠬᠦᠷᠢᠶᠡᠨ ᠤ ᠲᠣᠪᠣᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠬᠦ ᠲᠤᠬᠠᠢ ᠲᠥᠰᠥᠯ︾ ᠤᠨ ᠱᠠᠭᠠᠷᠳᠠᠯᠭ᠎ᠠ ᠶᠣᠰᠣᠭᠠᠷ᠂ ᠪᠣᠯᠪᠠᠰᠤᠨ ᠬᠥᠳᠡᠭᠡ ᠲᠣᠰᠬᠤᠨ ᠤ ᠰᠤᠷᠲᠠᠯ ᠢ ᠪᠤᠢ ᠪᠣᠯᠭᠠᠬᠤ ᠪᠠᠷ ᠬᠠᠷᠠᠯᠲᠠ ᠪᠠᠨ ᠪᠣᠯᠭᠠᠵᠤ᠂ ᠵᠠᠰᠠᠯᠲᠠ ᠶᠢ ᠶᠡᠬᠡᠪᠡᠷ ᠬᠢᠬᠦ ᠪᠠᠷ ᠭᠠᠷᠳᠠᠴᠠ ᠪᠣᠯᠭᠠᠵᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠣᠯᠣᠨ ᠬᠥᠳᠡᠭᠡ ᠲᠣᠰᠬᠤᠨ ᠤ ᠵᠠᠰᠠᠯᠲᠠ ᠶᠢ ᠬᠠᠮᠵᠢᠯᠴᠠᠨ ᠠᠬᠢᠭᠤᠯᠵᠤ᠂ 2023 ᠣᠨ ᠤ ᠠᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠪᠠ᠃      ᠵᠠᠰᠠᠭ ᠤᠨ ᠣᠷᠳᠣᠨ ᠤ ᠲᠦᠯᠬᠢᠨ ᠠᠬᠢᠭᠤᠯᠬᠤ ᠪᠤᠯᠤᠨ ᠭᠠᠴᠠᠭᠠᠨ ᠤ ᠠᠷᠠᠳ ᠤᠨ ᠥᠪᠡᠷᠲᠡᠭᠡᠨ ᠵᠠᠰᠠᠬᠤ ᠶᠢ ᠬᠠᠷᠢᠯᠴᠠᠨ ᠤᠶᠠᠯᠲᠤᠭᠤᠯᠤᠨ᠂ ᠭᠠᠴᠠᠭ᠎ᠠ ᠶᠢ ᠵᠢᠯᠣᠭᠤᠳᠤᠨ ᠬᠠᠭᠤᠴᠢ ᠶᠤᠰᠤ ᠪᠦᠲᠤᠬᠦᠯᠢᠭ ᠳᠠᠳᠬᠠᠯ ᠢ ᠥᠭᠡᠷᠡᠴᠢᠯᠡᠬᠦ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠤᠯᠠᠭᠠᠨ ᠴᠠᠭᠠᠨ ᠤ ᠬᠡᠷᠡᠭ ᠡᠷᠬᠢᠯᠡᠭᠴᠢᠳ ᠤᠨ ᠬᠤᠷᠠᠯ᠂ ᠭᠠᠴᠠᠭᠠᠨ ᠤ ᠠᠷᠠᠳ ᠤᠨ ᠬᠡᠷᠡᠭ ᠡᠷᠬᠢᠯᠡᠭᠴᠢᠳ ᠤᠨ ᠬᠤᠷᠠᠯ᠂ ᠵᠣᠭᠤᠰ ᠨᠠᠭᠠᠳᠬᠤ ᠶᠢ ᠴᠠᠭᠠᠵᠠᠯᠠᠬᠤ ᠬᠤᠣᠷᠲᠤ ᠡᠳ᠋ ᠢ ᠴᠠᠭᠠᠵᠠᠯᠠᠬᠤ ᠬᠤᠷᠠᠯ᠂ ᠶᠣᠰᠣ ᠮᠣᠷᠠᠯ ᠤᠨ ᠦᠨᠡᠯᠡᠯᠲᠡ ᠶᠢᠨ ᠬᠤᠷᠠᠯ᠂ ᠡᠮᠡᠭᠲᠡᠶᠢᠴᠦᠳ ᠤᠨ ᠬᠡᠷᠡᠭ ᠡᠷᠬᠢᠯᠡᠭᠴᠢᠳ ᠤᠨ ᠬᠤᠷᠠᠯ ᠵᠡᠷᠭᠡ ᠣᠯᠠᠨ ᠲᠦᠮᠡᠨ ᠤ ᠵᠣᠬᠢᠶᠠᠨ ᠪᠠᠶᠢᠭᠤᠯᠤᠯᠲᠠ ᠶᠢ ᠵᠢᠯᠤᠭᠤᠳᠬᠤ ᠪᠠᠨ ᠴᠢᠩᠭᠠᠳᠬᠠᠵᠤ᠂ ︽ᠨᠢᠭᠡ ᠲᠦᠷᠢᠮ ᠲᠠᠪᠤᠨ ᠬᠤᠷᠠᠯ︾ ᠤᠨ ᠠᠵᠢᠯ ᠢ ᠳᠦᠷᠢᠮᠵᠢᠭᠦᠯᠬᠦ᠂ ᠵᠢᠷᠤᠮᠵᠢᠭᠤᠯᠬᠤ ᠪᠠᠶᠢᠭᠤᠯᠤᠯᠲᠠ ᠶᠢ ᠠᠬᠢᠭᠤᠯᠤᠨ᠂ ᠣᠯᠠᠨ ᠲᠦᠮᠡᠨ ᠤ ᠵᠣᠬᠢᠶᠠᠨ ᠪᠠᠶᠢᠭᠤᠯᠤᠯᠲᠠ ᠶᠢᠨ ᠵᠠᠩ ᠳᠠᠳᠬᠠᠯ ᠢ ᠥᠭᠡᠷᠡᠴᠢᠯᠡᠬᠦ ᠲᠠᠯ᠎ᠠ ᠪᠠᠷ ᠬᠢ ᠢᠳᠡᠪᠬᠢᠲᠡᠢ ᠦᠢᠯᠡᠳᠦᠯ ᠢ ᠪᠠᠲᠠᠷᠠᠭᠤᠯᠵᠤ᠂ ᠬᠠᠭᠤᠴᠢ ᠶᠤᠰᠤ ᠪᠦᠲᠤᠬᠦᠯᠢᠭ ᠳᠠᠳᠬᠠᠯ ᠢ ᠥᠭᠡᠷᠡᠴᠢᠯᠡᠬᠦ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠭᠠᠴᠠᠭ᠎ᠠ᠂ ᠪᠣᠯᠪᠠᠰᠤᠨ ᠭᠠᠴᠠᠭ᠎ᠠ ᠶᠢ ᠰᠢᠯᠭᠠᠨ ᠬᠢᠨᠠᠬᠤ ᠠᠭᠤᠯᠭ᠎ᠠ ᠳᠤ ᠣᠷᠣᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠨ ᠬᠢᠨᠠᠬᠤ ᠠᠵᠢᠯ ᠲᠠᠢ ᠤᠶᠠᠯᠳᠤᠭᠤᠯᠤᠨ ᠬᠠᠷᠢᠭᠤ ᠮᠡᠳᠡᠭᠦᠯᠦᠯᠲᠡ ᠶᠢ 1 ᠤᠳᠠᠭ᠎ᠠ ᠰᠣᠨᠣᠰᠪᠠ᠃      ᠬᠤᠪᠢ ᠬᠤᠷᠠᠮᠳᠤᠭᠤᠯᠬᠤ ᠬᠠᠮᠢᠶᠠᠷᠤᠯᠲᠠ ᠶᠢᠨ ᠳᠦᠷᠢᠮ ᠪᠣᠯᠣᠨ ︽ᠠᠷᠪᠠᠨ ᠣᠳᠣᠨ ᠳᠡᠰ ᠤᠨ ᠪᠣᠯᠪᠠᠰᠤᠨ ᠮᠠᠯᠵᠢᠬᠤ ᠡᠷᠦᠬᠡ︾ ᠶᠢ ᠰᠢᠯᠭᠠᠷᠠᠭᠤᠯᠬᠤ ᠵᠡᠷᠭᠡ ᠵᠠᠩ ᠳᠠᠳᠬᠠᠯ ᠢ ᠥᠭᠡᠷᠡᠴᠢᠯᠡᠬᠦ ᠰᠢᠨ᠎ᠡ ᠵᠠᠭᠪᠤᠷ ᠲᠠᠢ ᠤᠶᠠᠯᠳᠤᠭᠤᠯᠤᠨ᠂ ᠪᠦᠯᠢᠶᠡᠨ ᠭᠠᠴᠠᠭ᠎ᠠ ᠨᠢ ︽ᠭᠠᠴᠠᠭᠠᠨ ᠤ ᠳᠦᠷᠢᠮ ᠠᠷᠠᠳ ᠤᠨ ᠭᠡᠷ᠎ᠡ︾ ᠶᠢᠨ ᠬᠤᠪᠢ ᠬᠤᠷᠠᠮᠳᠤᠭᠤᠯᠬᠤ ᠳᠦᠷᠢᠮ ᠤᠨ ᠬᠠᠮᠢᠶᠠᠷᠤᠯᠲᠠ ᠶᠢᠨ ᠠᠷᠭ᠎ᠠ ᠪᠠᠷ ᠳᠠᠮᠵᠢᠭᠤᠯᠤᠨ ᠳᠡᠭᠡᠷ᠎ᠡ ᠬᠠᠭᠠᠰ ᠵᠢᠯ ᠪᠠ ᠳᠣᠣᠷ᠎ᠠ ᠬᠠᠭᠠᠰ ᠵᠢᠯ ᠳᠤ ᠬᠤᠶᠠᠷ ᠤᠳᠠᠭ᠎ᠠ ︽ᠭᠠᠴᠠᠭᠠᠨ ᠤ ᠳᠦᠷᠢᠮ ᠠᠷᠠᠳ ᠤᠨ ᠭᠡᠷ᠎ᠡ︾ ᠶᠢᠨ ᠬᠤᠪᠢ ᠬᠤᠷᠠᠮᠳᠤᠭᠤᠯᠵᠤ ᠪᠤᠲᠠᠰ ᠰᠣᠯᠢᠬᠤ ᠶᠡᠭᠡ ᠬᠤᠷᠠᠯ ᠬᠢᠵᠦ᠂ ᠬᠤᠪᠢ ᠬᠤᠷᠠᠮᠳᠤᠭᠤᠯᠵᠤ ᠪᠤᠲᠠᠰ ᠰᠣᠯᠢᠬᠤ ᠶᠡᠭᠡ ᠬᠤᠷᠠᠯ ᠢᠶᠠᠷ ᠳᠠᠮᠵᠢᠭᠤᠯᠤᠨ ︽ᠲᠠᠩᠰᠠ ᠪᠤᠳᠤᠵᠤ ᠡᠳ᠋ ᠤᠨ ᠶᠠᠪᠤᠳᠠᠯ ᠢ ᠬᠠᠮᠢᠶᠠᠷᠴᠤ ᠠᠵᠢᠯᠴᠢ ᠠᠷᠪᠢᠴᠢ ᠪᠠᠷ ᠠᠵᠤ ᠲᠦᠷᠦᠭᠦ︾ ᠲᠡᠷᠢᠭᠦᠨ ᠤ ᠬᠤᠪᠢ ᠬᠥᠮᠥᠨ ᠪᠠ ︽ᠵᠠᠩ ᠳᠠᠳᠬᠠᠯ ᠢ ᠥᠭᠡᠷᠡᠴᠢᠯᠡᠬᠦ ᠶᠢ ᠰᠠᠨᠠᠭᠠᠴᠢᠯᠠᠭᠴᠢ︾ ᠵᠡᠷᠭᠡ ᠶᠢ ᠰᠢᠯᠭᠠᠷᠠᠭᠤᠯᠬᠤ ᠶᠢᠨ ᠬᠠᠮᠲᠤ ᠡᠳ᠋ ᠪᠤᠲᠠᠰ ᠪᠠᠷ ᠵᠣᠷᠢᠭᠵᠢᠭᠤᠯᠪᠠ᠃ ︽ᠵᠢᠯ ᠤᠰᠤ ᠪᠠᠨ ᠳᠥᠭᠦᠮᠴᠢᠯᠡᠨ ᠬᠢᠬᠦ ᠠᠮᠠᠯᠠᠯᠲᠠ ᠶᠢᠨ ᠪᠢᠴᠢᠭ︾ ᠤᠨ ᠳᠦᠷᠢᠮ ᠢ ᠰᠦᠪᠡᠭᠴᠢᠯᠡᠨ ᠪᠠᠶᠢᠭᠤᠯᠵᠤ᠂ 2024 ᠣᠨ ᠳᠤ ᠪᠥᠬᠦ ᠰᠤᠮᠤᠨ ᠤ 37᠂ 49 ᠨᠠᠰᠤᠨ ᠠᠴᠠ ᠳᠣᠷᠣᠭᠰᠢᠬᠢ ᠵᠢᠯ ᠤᠷᠤᠬᠤ 93 ᠬᠥᠮᠥᠨ ᠤ ᠳᠣᠲᠣᠷ᠎ᠠ ᠠᠴᠠ ᠡᠷᠭᠢᠯᠡᠬᠦ ᠦᠭᠡᠢ ᠭᠡᠵᠦ ᠠᠮᠠᠯᠠᠭᠰᠠᠨ ᠪᠤᠶᠤ ᠬᠦᠲᠡᠭᠡ ᠬᠡᠷ ᠲᠤ ᠪᠠᠨ ᠳᠥᠭᠦᠮᠴᠢᠯᠡᠨ ᠬᠢᠭᠰᠡᠨ ᠨᠣᠷᠮ᠎ᠠ ᠶᠢ 100% ᠳᠤ ᠬᠦᠷᠪᠠ︔ ᠮᠠᠯᠵᠢᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ᠂ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ᠂ ᠠᠵᠤ ᠦᠢᠯᠡᠰ ᠢᠶᠠᠷ ᠲᠡᠳᠬᠦᠬᠦ᠂ ᠣᠳᠣᠬᠢᠴᠢᠯᠠᠭᠰᠠᠨ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠵᠡᠷᠭᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠢ ᠪᠣᠯᠪᠠᠰᠤᠨ ᠭᠠᠴᠠᠭ᠎ᠠ ︵ᠨᠡᠶᠢᠭᠡᠮ ᠲᠣᠭᠤᠷᠢᠭ︶᠂ ᠣᠳᠣᠨ ᠲᠠᠰ ᠤᠨ ᠪᠣᠯᠪᠠᠰᠤᠨ ᠡᠷᠦᠬᠡ᠂ ᠪᠣᠯᠪᠠᠰᠤᠨ ᠭᠡᠷ ᠪᠦᠯᠢ ᠵᠡᠷᠭᠡ ᠵᠠᠩ ᠳᠠᠳᠬᠠᠯ ᠢ ᠥᠭᠡᠷᠡᠴᠢᠯᠡᠭᠰᠡᠨ ᠲᠡᠷᠢᠭᠦᠨ ᠤ ᠨᠡᠶᠢᠲᠡᠯᠢᠭ ᠵᠢᠱᠢᠶ᠎ᠡ ᠳᠠᠰᠢ ᠬᠡᠯᠪᠡᠶᠢᠯᠭᠡᠬᠦ ᠶᠢ ᠢᠳᠡᠪᠬᠢᠲᠡᠢ ᠠᠬᠢᠭᠤᠯᠵᠤ᠂ 2024 ᠣᠨ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠡᠷᠦᠬᠡ ᠶᠢ 3 ᠡᠷᠦᠬᠡ ᠶᠢ  ᠡᠬᠦᠲᠤᠨ ᠪᠠᠶᠢᠭᠤᠯᠬᠤ ᠪᠠᠷ ᠲᠤᠭᠲᠠᠪᠠ᠃      ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠠᠯᠪᠤᠷᠢ᠂ ᠸᠠᠴᠠᠲ ᠤᠬᠠᠭᠤᠯᠭ᠎ᠠ ᠶᠢᠨ ᠲᠠᠪᠴᠠᠩ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠪᠣᠯᠣᠨ ᠡᠯ᠎ᠡ ᠲᠦᠷᠦᠯ ᠤᠨ ᠤᠬᠠᠭᠤᠯᠭ᠎ᠠ ᠶᠢᠨ ᠰᠠᠭᠤᠷᠢᠨ ᠭᠠᠵᠠᠷ ᠢ ᠰᠠᠶᠢᠲᠤᠷ ᠠᠰᠢᠭᠯᠠᠵᠤ᠂ ᠰᠤᠮᠤᠨ ᠤ ᠤᠩᠰᠢᠯᠭ᠎ᠠ ᠶᠢᠨ ᠦᠷᠦᠭᠡ᠂ ᠲᠠᠯ᠎ᠠ ᠨᠤᠲᠤᠭ ᠤᠨ ᠨᠣᠮ ᠤᠨ ᠦᠷᠦᠭᠡ ᠵᠡᠷᠭᠡ ᠤᠩᠰᠢᠯᠭ᠎ᠠ ᠶᠢᠨ ᠲᠠᠯᠠᠪᠤᠷ ᠲᠤ 3 ᠤᠳᠠᠭ᠎ᠠ ᠤᠬᠠᠭᠤᠯᠵᠤ᠂ ᠬᠠᠮᠢᠶ᠎ᠠ ᠪᠦᠬᠦᠢ ᠴᠥᠷᠬᠡᠯᠡᠭᠡ᠂ ᠤᠬᠤᠷ ᠫᠢᠯᠢᠮ ᠵᠡᠷᠭᠡ ᠶᠢ 30 ᠭᠠᠷᠤᠢ ᠤᠳᠠᠭ᠎ᠠ ᠳᠠᠮᠵᠢᠭᠤᠯᠤᠨ ᠲᠠᠷᠬᠠᠭᠠᠪᠠ᠃ ᠨᠠᠮ ᠤᠨ ᠲᠤᠭᠲᠠᠮᠠᠯ ᠬᠦᠲᠠᠯᠬᠡᠬᠡᠨ ᠤ ᠡᠳᠦᠷ᠂       ︽ᠪᠢᠳᠡᠨ ᠤ ᠪᠠᠶᠠᠷ ᠤᠨ ᠡᠳᠦᠷ︾ ᠵᠡᠷᠭᠡ ᠠᠵᠢᠯᠯᠠᠭ᠎ᠠ ᠪᠠᠷ ᠠᠵᠠ ᠲᠣᠬᠢᠶᠠᠯ ᠪᠣᠯᠭᠠᠨ 3 ᠤᠳᠠᠭ᠎ᠠ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠥᠷᠨᠢᠭᠦᠯᠪᠡ᠃ ᠦᠨᠳᠦᠰᠦᠨ ᠱᠠᠲᠤᠨ ᠳᠤ ᠬᠦᠨᠵᠢᠬᠡᠶᠢᠷᠠᠬᠦ ᠡᠯ᠎ᠡ ᠲᠥᠷᠥᠯ ᠤᠨ ᠠᠵᠢᠯᠯᠠᠭ᠎ᠠ ᠲᠠᠢ ᠤᠶᠠᠯᠳᠤᠭᠤᠯᠤᠨ᠂ ︽︿ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ﹀ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ︱ ᠮᠠᠯᠴᠢᠨ ᠡᠷᠦᠬᠡ ᠶᠢᠨ ᠦᠢᠯᠡᠳᠪᠦᠷᠢᠯᠡᠯ ᠠᠮᠢᠳᠤᠷᠠᠯ ᠤᠨ ᠭᠠᠷ ᠳᠡᠪᠲᠡᠷ︾  ᠢ ᠨᠠᠶᠢᠷᠠᠭᠤᠯᠤᠨ ᠳᠠᠷᠤᠮᠠᠯᠯᠠᠵᠤ᠂ ᠮᠠᠯᠴᠢᠳ ᠢ ᠬᠠᠪᠰᠤᠷᠤᠨ ᠲᠠᠩᠰᠠ ᠪᠤᠳᠤᠵᠤ ᠡᠳ᠋ ᠤᠨ ᠶᠠᠪᠤᠳᠠᠯ ᠢ ᠬᠠᠮᠢᠶᠠᠷᠴᠤ᠂ ᠮᠠᠯᠴᠢᠳ ᠤᠨ ᠠᠷᠪᠢᠯᠠᠨ ᠭᠠᠮᠨᠠᠬᠤ ᠦᠵᠡᠯ ᠤᠬᠠᠮᠰᠠᠷ ᠢ ᠤᠯᠠᠮ ᠨᠢᠬᠡ ᠠᠯᠬᠤᠮ ᠲᠡᠬᠡᠭᠰᠢᠯᠠᠬᠦᠯᠪᠠ᠃
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号