ᠠᠯᠲᠠᠨᠬᠢᠯᠢ ᠰᠤᠮᠤ ᠨᠢ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠬᠠᠪᠤᠷ ᠤᠨ ᠭᠤᠤᠯᠲᠠᠯᠭᠠᠲᠤ ᠠᠵᠢᠯ ᠢ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2024/5/21
      2024 ᠣᠨ ᠤ ᠬᠠᠪᠤᠷ ᠤᠨ ᠤᠯᠠᠷᠢᠯ ᠤᠨ ᠡᠯ᠎ᠡ ᠲᠦᠷᠤᠯ ᠤᠨ ᠠᠵᠢᠯ ᠤᠨ ᠡᠮᠬᠢ ᠳᠢᠭᠯᠢᠮ ᠲᠠᠢ ᠶᠠᠪᠤᠭᠳᠠᠬᠤ ᠶᠢ ᠪᠠᠲᠤᠯᠠᠵᠤ᠂ ᠨᠤᠲᠤᠭ ᠪᠡᠯᠴᠢᠭᠡᠷ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠦᠨᠡᠨᠬᠦ ᠴᠢᠩᠭᠠᠳᠬᠠᠵᠤ᠂ ᠮᠠᠯ ᠠᠵᠤ ᠠᠬᠤᠢ ᠪᠣᠯᠣᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠠᠯᠲᠠᠨᠬᠢᠯᠢ ᠰᠤᠮᠤ ᠨᠢ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠬᠠᠪᠤᠷ ᠤᠨ ᠤᠯᠠᠷᠢᠯ ᠤᠨ ᠡᠯ᠎ᠡ ᠵᠦᠢᠯ ᠤᠨ ᠭᠤᠤᠯᠲᠠᠯᠭᠠᠲᠤ ᠠᠵᠢᠯ ᠢ ᠲᠦᠯᠬᠢᠨ ᠠᠬᠢᠭᠤᠯᠪᠠ᠃      ᠲᠥᠯ ᠲᠣᠰᠴᠤ ᠪᠣᠶᠢᠵᠢᠭᠤᠯᠬᠤ ᠪᠠᠲᠤᠯᠠᠭ᠎ᠠ ᠶᠢᠨ ᠠᠵᠢᠯ ᠢ ᠦᠷᠭᠦᠯᠵᠢᠯᠡᠨ ᠠᠬᠢᠭᠤᠯᠵᠤ᠂ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠡᠯ᠎ᠡ ᠭᠠᠴᠠᠭ᠎ᠠ ᠲᠠᠢ ᠬᠠᠮᠵᠢᠯᠴᠠᠨ ᠣᠯᠠᠨ ᠲᠦᠮᠡᠨ ᠤ ᠡᠪᠡᠰᠦ ᠪᠣᠷᠳᠤᠭ᠎ᠠ ᠶᠢ ᠵᠥᠭᠡᠭᠡᠪᠦᠷᠢᠯᠡᠬᠦ ᠬᠡᠷᠡᠭᠴᠡᠭᠡ ᠶᠢ ᠴᠠᠭ ᠲᠤᠬᠠᠢ ᠳᠤᠨᠢ ᠬᠠᠩᠭᠠᠵᠤ᠂ ᠲᠥᠯ ᠮᠠᠯ ᠤᠨ ᠤᠨᠳᠤᠷᠤᠯᠲᠠ ᠶᠢᠨ ᠨᠣᠷᠮ᠎ᠠ ᠶᠢ ᠳᠡᠭᠡᠭᠰᠢᠯᠡᠭᠦᠯᠬᠦ ᠳᠤ ᠰᠠᠭᠤᠷᠢ ᠪᠠᠲᠤᠯᠠᠭ᠎ᠠ ᠬᠠᠩᠭᠠᠵᠤ᠂ ᠪᠥᠬᠦ ᠰᠤᠮᠤᠨ ᠤ ᠬᠠᠪᠤᠷ ᠤᠨ ᠤᠯᠠᠷᠢᠯ ᠳᠤ    7.9 ᠲᠦᠮᠡᠨ ᠲᠥᠯ ᠲᠤᠰᠤᠯᠲᠠ ᠶᠢ ᠪᠡᠶᠡᠯᠡᠭᠦᠯᠵᠦ᠂ ᠡᠭᠦᠨ ᠳᠤ 0.1 ᠲᠦᠮᠡᠨ ᠪᠣᠳᠠ ᠮᠠᠯ᠂ 7.8 ᠲᠦᠮᠡᠨ ᠪᠣᠭ ᠮᠠᠯ ︵7.2 ᠲᠦᠮᠡᠨ ᠬᠤᠷᠠᠭ᠎ᠠ᠂ 0.5 ᠲᠦᠮᠡᠨ ᠢᠰᠢᠭᠡ︶ ᠤᠨ ᠲᠥᠯ ᠲᠤᠰᠤᠯᠲᠠ ᠶᠢᠨ ᠨᠣᠷᠮ᠎ᠠ ᠨᠢ 99% ᠳᠤ ᠬᠥᠷᠪᠡ᠃ ᠦᠵᠦᠮᠦᠴᠢᠨ ᠬᠤᠨᠢᠨ ᠤ ᠰᠠᠶᠢᠨ ᠡᠭᠦᠯᠳᠡᠷ ᠢ ᠰᠣᠩᠭᠤᠨ ᠪᠣᠶᠢᠵᠢᠭᠤᠯᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠦᠵᠦᠮᠦᠴᠢᠨ ᠬᠤᠨᠢᠨ ᠤ ᠠᠵᠤ ᠦᠢᠯᠡᠰ ᠤᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠠᠬᠢᠭᠤᠯᠬᠤ ᠶᠢᠨ ᠲᠥᠯᠥᠭᠡ᠂ 22 ᠡᠷᠦᠬᠡ᠂ 4095 ᠬᠤᠨᠢᠨ ᠳᠤ ᠬᠥᠮᠥᠨ ᠤ ᠬᠦᠴᠦ ᠪᠠᠷ ᠭᠠᠷ ᠬᠡᠭᠡᠯᠲᠦᠭᠦᠯᠬᠦ ᠶᠢ ᠥᠷᠨᠢᠭᠦᠯᠵᠦ᠂ 2000 ᠡᠮ᠎ᠡ ᠬᠤᠨᠢ ᠬᠤᠷᠠᠭᠠᠯᠠᠭᠤᠯᠵᠤ᠂ ᠬᠡᠭᠡᠯᠲᠦᠭᠦᠯᠦᠭᠰᠡᠨ ᠨᠣᠷᠮ᠎ᠠ ᠨᠢ 48% ᠪᠠᠶᠢᠵᠤ᠂ ᠪᠣᠳᠠᠲᠠᠢ 2143 ᠲᠥᠯ ᠲᠤᠰᠴᠤ᠂ 107%᠂ 142 ᠢᠬᠡᠷ᠎ᠡ ᠬᠤᠷᠠᠭ᠎ᠠ ᠲᠤᠰᠴᠤ᠂ 7% ᠶᠢᠨ ᠤᠨᠳᠤᠷᠤᠯᠲᠠ ᠶᠢᠨ ᠨᠣᠷᠮ᠎ᠠ ᠨᠢ 100% ᠳᠤ ᠬᠦᠷᠴᠦ᠂ ᠬᠥᠮᠥᠨ ᠤ ᠬᠦᠴᠦ ᠪᠠᠷ ᠬᠡᠭᠡᠯᠲᠦᠭᠦᠯᠦᠭᠰᠡᠨ ᠬᠤᠷᠠᠭ᠎ᠠ ᠨᠢ ᠦᠵᠦᠮᠦᠴᠢᠨ ᠬᠤᠨᠢᠨ ᠤ ᠪᠠᠷᠢᠮᠵᠢᠶ᠎ᠠ ᠳᠤ ᠨᠡᠶᠢᠴᠡᠪᠡ᠃ ᠳᠡᠷᠭᠡᠳᠡᠬᠢ ᠨᠡᠶᠢᠲᠡᠯᠢᠭ ᠵᠢᠱᠢᠶ᠎ᠡ ᠶᠢ ᠪᠣᠶᠢᠵᠢᠭᠤᠯᠬᠤ ᠶᠢ ᠦᠷᠭᠦᠯᠵᠢᠯᠡᠨ ᠲᠦᠯᠬᠢᠨ ᠠᠬᠢᠭᠤᠯᠤᠨ ᠳᠠᠪᠠᠭᠤᠯᠢᠭ ᠬᠦᠴᠦᠨ ᠢᠶᠠᠨ ᠲᠥᠪᠯᠡᠷᠡᠭᠦᠯᠦᠨ᠂ ᠰᠢᠨ᠎ᠡ ᠬᠡᠯᠪᠡᠷᠢ ᠶᠢᠨ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠪᠣᠶᠢᠵᠢᠭᠤᠯᠵᠤ᠂ ᠣᠳᠣᠬᠢᠴᠢᠯᠠᠭᠰᠠᠨ ᠭᠡᠷ ᠪᠦᠯᠢ ᠶᠢᠨ ᠮᠠᠯᠵᠢᠯ ᠤᠨ ᠲᠠᠯᠠᠪᠠᠶ 38 ᠶᠢ ᠪᠣᠶᠢᠵᠢᠭᠤᠯᠵᠤ᠂ 6 ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠡᠷᠦᠬᠡ ᠶᠢ  ᠲᠠᠨᠢᠯᠴᠠᠭᠤᠯᠪᠠ᠃      ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠪᠠ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠪᠡᠯᠴᠢᠭᠡᠷ ᠰᠠᠷᠬᠦᠬᠡᠬᠦ ᠲᠣᠭᠤᠷᠢᠨ ᠪᠠᠶᠢᠴᠠᠭᠠᠬᠤ ᠠᠵᠢᠯ ᠤᠨ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠂ ᠣᠲᠣ ᠪᠣᠯᠲᠠᠯ᠎ᠠ᠂ ᠬᠠᠤᠯᠢ ᠬᠡᠷᠡᠭᠵᠢᠭᠦᠯᠬᠦ ᠠᠵᠢᠯᠲᠠᠨ 35 ᠬᠥᠮᠥᠨ ᠤᠳᠠᠭ᠎ᠠ᠂ ᠬᠠᠤᠯᠢ ᠬᠡᠷᠡᠭᠵᠢᠭᠦᠯᠬᠦ ᠲᠡᠷᠭᠡ 16 ᠤᠳᠠᠭ᠎ᠠ ᠬᠥᠳᠡᠯᠭᠡᠵᠦ᠂ 56 ᠡᠷᠦᠬᠡ ᠶᠢ ᠰᠤᠷᠪᠤᠯᠵᠢᠯᠠᠵᠤ᠂ ᠪᠡᠯᠴᠢᠭᠡᠷ ᠰᠠᠷᠬᠦᠬᠡᠬᠦ ᠲᠣᠭᠤᠷᠢᠨ ᠪᠠᠶᠢᠴᠠᠭᠠᠭᠰᠠᠨ ᠲᠡᠮᠳᠡᠭᠯᠡᠯ ᠢ 56 ᠬᠤᠪᠢ ᠲᠠᠭᠯᠠᠨ ᠪᠢᠴᠢᠵᠦ᠂ ᠲᠣᠭᠲᠠᠭᠠᠯ ᠠᠴᠠ ᠵᠥᠷᠢᠴᠡᠨ 3 ᠡᠷᠣᠬᠡ ᠶᠢ ︵ᠬᠡᠷᠡᠭ ᠢ ᠶᠠᠭ ᠰᠢᠢᠳᠪᠦᠷᠢᠯᠡᠵᠦ ᠪᠣᠶ︶  ᠪᠠᠶᠢᠴᠠᠭᠠᠨ ᠢᠯᠡᠷᠡᠭᠦᠯᠪᠡ᠃ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠣᠯᠪᠢᠴᠠᠭᠤᠯᠤᠨ ᠬᠠᠤᠯᠢ ᠬᠡᠷᠡᠭᠵᠢᠭᠦᠯᠵᠦ ᠬᠠᠷᠢᠯᠴᠠᠨ ᠰᠤᠷᠤᠯᠴᠠᠵᠤ ᠬᠠᠷᠢᠯᠴᠠᠨ ᠪᠠᠶᠢᠴᠠᠭᠠᠬᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠰᠠᠮᠠᠢ ᠰᠤᠮᠤᠨ ᠳᠤ ᠭᠦᠨᠵᠡᠭᠡᠶᠢᠷᠡᠨ ᠬᠠᠪᠤᠷ ᠤᠨ ᠤᠯᠠᠷᠢᠯ ᠤᠨ ᠪᠡᠯᠴᠢᠭᠡᠷ ᠰᠠᠷᠬᠦᠬᠡᠬᠦ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ᠂ ᠲᠣᠭᠲᠠᠭᠠᠯ ᠠᠴᠠ ᠵᠥᠷᠢᠴᠡᠨ ᠮᠠᠯᠵᠢᠭᠰᠠᠨ 1 ᠦᠶᠯᠡ ᠠᠵᠢᠯᠯᠠᠭ᠎ᠠ ᠶᠢ ᠢᠯᠡᠷᠡᠭᠦᠯᠦᠨ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠰᠠᠮᠠᠢ ᠰᠤᠮᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠳᠤ ᠰᠢᠯᠵᠢᠭᠦᠯᠦᠨ ᠲᠤᠰᠢᠶᠠᠪᠠ᠃ ᠭᠠᠯ ᠰᠡᠷᠭᠡᠶᠢᠯᠡᠬᠦ ᠤᠬᠠᠭᠤᠯᠭ᠎ᠠ ᠶᠢ ᠴᠠᠭ ᠲᠤᠬᠠᠢ ᠳᠤᠨᠢ ᠰᠠᠶᠢᠲᠤᠷ ᠬᠢᠵᠦ᠂ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ ᠢ ᠤᠯᠠᠮ ᠨᠢᠭᠡ ᠠᠯᠬᠤᠮ ᠪᠦᠷᠢᠨᠰᠢᠭᠦᠯᠵᠦ᠂ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠪᠢᠴᠢᠭ ᠵᠢᠴᠢ ᠭᠡᠷ᠎ᠡ ᠲᠣᠭᠲᠠᠭᠰᠠᠨ ᠨᠣᠷᠮ᠎ᠠ ᠶᠢ 100% ᠳᠤ ᠬᠦᠷᠦᠭᠦᠯᠪᠠ᠃ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯ ᠢ ᠶᠡᠬᠡᠪᠡᠷ ᠦᠷᠨᠢᠬᠦᠯᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠬᠦᠴᠦᠨ ᠢ ᠭᠦᠢᠴᠡᠳ ᠳᠠᠶᠢᠴᠢᠯᠠᠨ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ 50 ᠭᠠᠷᠤᠢ ᠤᠳᠠᠭ᠎ᠠ ᠥᠷᠨᠢᠭᠦᠯᠵᠦ᠂ ᠭᠤᠣᠯ ᠪᠣᠯᠬᠤ ᠵᠠᠮ ᠳᠠᠭᠠᠤ ᠶᠢᠨ ᠬᠤᠭ ᠨᠣᠪᠰᠢ᠂ ᠠᠮᠢᠳᠤᠷᠠᠯ ᠤᠨ ᠲᠣᠭᠤᠷᠢᠭ ᠤᠨ ᠠᠷᠢᠭᠤᠨ ᠴᠡᠪᠡᠷ ᠤᠨ ᠥᠯᠥ ᠣᠨᠣᠭᠳᠠᠬᠤ ᠭᠠᠵᠠᠷ ᠢ ᠭᠤᠣᠯᠳᠠᠯᠭ᠎ᠠ ᠲᠠᠢ ᠴᠡᠪᠡᠷᠯᠡᠵᠦ᠂ ᠪᠠᠷᠢᠯᠭ᠎ᠠ ᠶᠢᠨ ᠬᠤᠭ ᠨᠣᠪᠰᠢ᠂ ᠴᠠᠭᠠᠨ ᠥᠩᠭᠡᠲᠦ ᠬᠤᠭ ᠨᠣᠪᠰᠢ᠂ ᠣᠪᠣᠭᠠᠯᠠᠨ ᠲᠠᠯᠪᠢᠭᠰᠠᠨ ᠡᠳ᠋ ᠢ ᠨᠡᠶᠢᠲᠡ 200 ᠭᠠᠷᠤᠢ ᠲᠣᠨ ᠴᠡᠪᠡᠷᠯᠡᠨ ᠲᠡᠭᠡᠭᠡᠪᠦᠷᠢᠯᠡᠪᠡ᠃      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠪᠴᠢᠶᠡᠵᠢᠯ ᠤᠨ ᠴᠢᠨᠠᠷᠲᠠᠢ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠪᠠᠲᠤ ᠰᠠᠬᠢᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠵᠤ᠂ ᠰᠤᠮᠤᠨ  ᠤ  ᠭᠠᠴᠠᠭ᠎ᠠ ᠲᠠᠭᠠᠭᠠᠴᠢᠯᠠᠭᠰᠠᠨ ᠤᠳᠤᠷᠢᠳᠤᠯᠭ᠎ᠠ᠂ ᠭᠠᠴᠠᠭ᠎ᠠ ᠲᠤᠮᠢᠯᠠᠭᠰᠠᠨ ᠨᠢᠭᠡᠳᠦᠭᠡᠷ ᠱᠦᠵᠢ᠂ ᠭᠠᠴᠠᠭ᠎ᠠ ᠲᠠᠭᠠᠭᠠᠴᠢᠯᠠᠭᠰᠠᠨ ᠺᠠᠳ᠋ᠷᠴᠤᠳ ᠢ ᠵᠣᠬᠢᠶᠠᠨ ᠪᠠᠶᠢᠭᠤᠯᠤᠨ ᠲᠤᠰᠬᠠᠢ ᠠᠵᠢᠯ ᠤᠨ ᠳᠤᠭᠤᠶᠢᠯᠠᠩ ᠪᠠᠶᠢᠭᠤᠯᠵᠤ᠂ 38 ᠡᠷᠦᠬᠡ ᠶᠢᠨ ︽ᠠᠷᠪᠠᠨ ᠲᠥᠷᠥᠯ︾ ᠤᠨ ᠭᠤᠣᠯᠳᠠᠯᠭ᠎ᠠ ᠲᠠᠢ ᠬᠥᠮᠥᠰ ᠢ ᠴᠢᠩᠭ᠎ᠠ ᠠᠩᠬᠠᠷᠴᠤ᠂ ᠮᠠᠯᠴᠢᠳ ᠤᠨ ᠦᠨᠳᠦᠰᠦᠨ ᠮᠡᠳᠡᠭᠡ ᠵᠠᠩᠭᠢ᠂ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾᠂ ᠤᠭᠤᠳᠬᠤ ᠤᠰᠤ   ᠶᠢᠨ ᠠᠮᠤᠷ ᠲᠦᠪᠰᠢᠨ᠂ ᠣᠷᠣᠨ ᠰᠠᠭᠤᠴᠠ ᠶᠢᠨ ᠠᠮᠤᠷ ᠲᠦᠪᠰᠢᠨ᠂ ᠶᠡᠷᠦᠩᠬᠡᠢ ᠣᠷᠣᠯᠭ᠎ᠠ᠂ ᠵᠠᠶᠢᠯᠠᠰᠢ ᠦᠭᠡᠢ ᠵᠠᠷᠤᠯᠭ᠎ᠠ᠂ ᠠᠵᠢᠯ ᠬᠥᠳᠡᠯᠮᠦᠷᠢ ᠬᠢᠵᠦ ᠠᠵᠢᠯ ᠣᠯᠭᠤᠬᠤ᠂ ᠠᠵᠤ ᠦᠢᠯᠡᠰ ᠢᠶᠠᠷ ᠬᠠᠪᠰᠤᠷᠤᠨ ᠲᠡᠳᠬᠦᠬᠦ᠂ ᠶᠡᠷᠦᠩᠬᠡᠶᠢᠯᠡᠨ ᠪᠠᠲᠤᠯᠠᠬᠤ ᠵᠡᠷᠭᠡ ᠲᠠᠯ᠎ᠠ ᠪᠠᠷ ᠡᠷᠦᠬᠡ ᠳᠤ ᠬᠦᠷᠴᠦ ᠬᠢᠨᠠᠨ ᠪᠠᠶᠢᠴᠠᠭᠠᠬᠤ ᠠᠵᠢᠯ ᠢ ᠥᠷᠨᠢᠭᠦᠯᠦᠭᠰᠡᠨ ᠤ ᠳᠠᠷᠠᠭ᠎ᠠ ᠨᠢᠭᠡᠳᠦᠭᠡᠷ ᠤᠯᠠᠷᠢᠯ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ   ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠰᠤᠳᠤᠯᠤᠨ ᠮᠠᠭᠠᠳᠯᠠᠬᠤ ᠬᠤᠷᠠᠯ ᠬᠢᠵᠦ᠂ ᠡᠪᠡᠳᠴᠢᠨ ᠠᠴᠠ ᠪᠣᠯᠤᠭᠰᠠᠨ 5 ᠡᠷᠦᠬᠡ ᠶᠢᠨ ᠵᠠᠷᠤᠯᠭ᠎ᠠ ᠨᠡᠯᠢᠶᠡᠳ ᠶᠡᠭᠡ ᠪᠠᠶᠢᠵᠤ᠂ ᠲᠦᠭᠰᠢᠭᠦᠷᠢ ᠶᠢ ᠠᠷᠢᠯᠭᠠᠭᠰᠠᠨ ᠦᠭᠡᠢ ᠬᠢᠨᠠᠨ ᠬᠡᠮᠵᠢᠬᠦ ᠡᠲᠡᠭᠡᠳ ᠲᠤ ᠦᠷᠭᠦᠯᠵᠢᠯᠡᠨ ᠣᠷᠣᠭᠤᠯᠵᠤ᠂ ᠪᠤᠰᠤᠳ ᠭᠡᠷ ᠪᠦᠯᠢ ᠶᠢᠨ ᠬᠢᠨ ᠬᠢᠨᠠᠨ ᠬᠡᠮᠵᠢᠬᠦ ᠡᠷᠦᠬᠡ ᠶᠢᠨ ᠪᠠᠷᠢᠮᠵᠢᠶ᠎ᠠ ᠳᠤ ᠨᠡᠶᠢᠴᠡᠬᠦ ᠦᠭᠡᠢ᠃
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号