ᠮᠠᠨ ᠤ ᠬᠤᠰᠢᠭᠤ ︿︿ᠨᠣᠮ ᠤᠨ ᠤᠨᠳᠤᠷᠤᠯᠲᠤ ᠲᠠᠯ᠎ᠠ ᠨᠤᠲᠤᠭ ᠲᠦᠮᠡᠨ ᠡᠷᠦᠬᠡ ᠶᠢ ᠲᠡᠳᠬᠦᠮᠦ﹀﹀ ᠭᠡᠰᠡᠨ ᠭᠡᠷ ᠪᠦᠯᠢ ᠶᠢᠨ ᠦᠯᠢᠭᠡᠷ ᠤᠨ ᠤᠷᠤᠯᠳᠤᠭᠠᠨ ᠦᠷᠨᠢᠭᠦᠯᠪᠡ
ᠨᠡᠶᠢᠲᠡᠯᠡᠭᠰᠡᠨ ᠴᠠᠭ᠄
2024/5/23
      ᠶᠡᠷᠦᠩᠬᠡᠶ ᠱᠦᠵᠢ ᠰᠢ ᠶᠢᠨ ᠫᠢᠩ ᠤᠨ ᠬᠡᠷ ᠪᠦᠯᠢ ᠶᠢᠨ ᠬᠥᠮᠦᠵᠢᠯ ᠬᠡᠷ ᠤᠨ ᠰᠤᠷᠲᠠᠯ ᠤᠨ ᠪᠠᠶᠢᠭᠤᠯᠤᠯᠲᠠ  ᠶᠢ ᠴᠢᠬᠤᠯᠠᠴᠢᠯᠠᠬᠤ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮ ᠨᠢᠭᠡ ᠠᠯᠬᠤᠮ ᠤᠯᠠᠮᠵᠢᠯᠠᠨ ᠪᠠᠳᠠᠷᠠᠭᠤᠯᠵᠤ᠂ ᠨᠣᠮ ᠣᠩᠰᠢᠬᠤ ᠶᠢ ᠬᠡᠷ ᠪᠦᠯᠢ ᠠᠴᠠ ᠡᠬᠢᠯᠡᠨ ᠬᠢᠵᠦ᠂ ᠬᠡᠦᠬᠡᠳ ᠠᠴᠠ ᠡᠬᠢᠯᠡᠨ ᠠᠳᠬᠤᠬᠤ ᠳᠤ ᠳᠤᠰᠠᠯᠠᠬᠤ ᠶᠢᠨ ᠲᠥᠯᠦᠭᠡ᠂ 29 ᠳ᠋ᠦ᠋ᠭᠡᠷ ︿︿ᠳᠡᠯᠡᠬᠡᠶ ᠶᠢᠨ ᠨᠣᠮ ᠤᠩᠰᠢᠬᠤ ᠡᠳᠦᠷ﹀﹀ ᠬᠦᠷᠴᠦ ᠢᠷᠡᠬᠦ ᠲᠠᠰᠢᠷᠠᠮ  ᠢᠶᠠᠷ᠂ 4 ᠳ᠋ᠦ᠋ᠭᠡᠷ ᠰᠠᠷ᠎ᠠ ᠶᠢᠨ 21 ᠤ ᠡᠳᠦᠷ᠂ ᠬᠤᠰᠢᠭᠤ ᠡᠮᠡᠭᠲᠡᠶᠢᠴᠦᠳ ᠤᠨ ᠬᠤᠯᠪᠤᠭᠠᠲᠤ ᠬᠤᠷᠠᠯ ᠪᠣᠯᠤᠨ ᠰᠤᠷᠭᠠᠨ ᠬᠥᠮᠦᠵᠢᠯ ᠤᠨ ᠲᠣᠪᠴᠢᠶ᠎ᠠ ᠬᠠᠮᠲᠤᠷᠠᠨ  ︿︿ᠨᠣᠮ ᠤᠨ ᠤᠨᠳᠤᠷᠤᠯᠲᠤ ᠲᠠᠯ᠎ᠠ ᠨᠤᠲᠤᠭ ᠲᠦᠮᠡᠨ ᠡᠷᠦᠬᠡ ᠶᠢ ᠲᠡᠳᠬᠦᠮᠦ﹀﹀ ᠭᠡᠰᠡᠨ ᠬᠡᠷ ᠪᠦᠯᠢ ᠶᠢᠨ ᠥᠯᠢᠭᠡᠷ ᠤᠨ ᠤᠷᠤᠯᠳᠤᠭᠠᠨ ᠥᠷᠨᠢᠭᠦᠯᠪᠡ᠃      ᠤᠷᠤᠯᠳᠤᠭᠠᠨ ᠢ ᠬᠡᠦᠬᠡᠳ ᠤᠨ ᠴᠡᠴᠡᠷᠯᠢᠭ ᠤᠨ ᠳᠤᠭᠤᠶᠢᠯᠠᠩ ᠪᠠ ᠪᠠᠭ᠎ᠠ ᠰᠤᠷᠭᠠᠭᠤᠯᠢ ᠶᠢᠨ ᠳᠤᠭᠤᠶᠢᠯᠠᠩ ᠭᠡᠵᠦ ᠬᠤᠪᠢᠶᠠᠨ ᠶᠠᠪᠤᠭᠳᠠᠭᠤᠯᠪᠠ᠃ ᠤᠷᠤᠯᠳᠤᠭᠠᠨ ᠨᠢ ᠦᠯᠢᠭᠡᠷ ᠤᠨ ᠪᠦᠲᠦᠭᠡᠯᠴᠢ ᠴᠢᠨᠠᠷ᠂ ᠰᠤᠷᠭᠠᠨ ᠬᠥᠮᠦᠵᠢᠭᠦᠯᠬᠦ ᠴᠢᠨᠠᠷ ᠪᠠ ᠵᠣᠬᠢᠴᠠᠬᠤ ᠬᠡᠮᠵᠢᠶ᠎ᠡ ᠶᠢ ᠴᠢᠬᠤᠯᠠᠴᠢᠯᠠᠵᠤ᠂ ᠡᠴᠢᠭᠡ ᠡᠬᠡ ᠪᠤᠯᠤᠨ ᠦᠷ᠎ᠡ ᠬᠡᠦᠬᠡᠳ ᠤᠨ ᠬᠤᠭᠤᠷᠣᠨᠳᠣᠬᠢ ᠬᠠᠷᠢᠯᠴᠠᠭ᠎ᠠ ᠪᠠ ᠰᠡᠳᠬᠢᠯᠭᠡ ᠶᠢᠨ ᠰᠣᠯᠢᠯᠴᠠᠭ᠎ᠠ ᠪᠠᠷ ᠳᠠᠮᠵᠢᠨ ᠰᠤᠷᠭᠠᠨ ᠬᠥᠮᠦᠵᠢᠭᠦᠯᠬᠦ ᠪᠠ ᠬᠥᠲᠥᠯᠥᠨ ᠵᠢᠯᠣᠭᠤᠳᠬᠤ ᠦᠢᠯᠡᠳᠦᠯ ᠦᠵᠡᠭᠦᠯᠪᠡ᠃      ᠬᠡᠦᠬᠡᠳ ᠭᠡᠷ ᠤᠨ ᠠᠬᠠᠮᠠᠳ ᠲᠠᠢ ᠪᠠᠨ ᠬᠠᠮᠲᠤ ᠪᠠᠷ ᠦᠯᠢᠭᠡᠷ ᠤᠨ ᠠᠭᠤᠯᠭ᠎ᠠ ᠶᠢ ᠦᠨᠳᠦᠰᠦᠯᠡᠨ᠂ ᠨᠠᠷᠢᠨ ᠨᠢᠮᠪᠠᠢ ᠲᠥᠰᠥᠪᠯᠡᠵᠦ᠂ ᠤᠷᠠᠨ ᠨᠠᠷᠢᠯᠢᠭ ᠨᠠᠶᠢᠷᠠᠭᠤᠯᠤᠨ ᠵᠢᠭᠰᠠᠭᠠᠵᠤ᠂ ᠥᠪᠡᠷᠮᠢᠴᠡ ᠤᠷᠠᠨ ᠰᠠᠨᠠᠭ᠎ᠠ ᠪᠦᠬᠦᠢ ᠳᠠᠭᠤᠤ ᠬᠥᠭᠵᠢᠮ᠂ ᠬᠤᠪᠴᠠᠰᠤ ᠬᠤᠨᠠᠷ ᠪᠠ ᠪᠠᠭᠠᠵᠢ ᠬᠡᠷᠡᠭᠰᠡᠯ ᠢ ᠠᠰᠢᠭᠯᠠᠨ᠂ ᠦᠯᠢᠭᠡᠷ ᠤᠨ ᠦᠢᠯᠡ ᠶᠠᠪᠤᠳᠠᠯ᠂ ᠠᠭᠤᠯᠤᠭᠳᠠᠬᠤᠨ ᠪᠠ ᠶᠣᠭᠲᠠ ᠤᠳᠬ᠎ᠠ ᠶᠢ ᠳᠦᠷᠰᠦᠯᠢᠭ ᠢᠶᠠᠷ ᠳᠡᠯᠭᠡᠨ ᠦᠵᠡᠭᠦᠯᠵᠦ᠂ ᠦᠵᠡᠭᠴᠢᠳ ᠤᠨ ᠬᠠᠯᠠᠭᠤᠨ ᠠᠯᠠᠭ᠎ᠠ ᠲᠠᠰᠢᠯᠲᠠ ᠶᠢ ᠣᠯᠤᠭᠰᠠᠨ ᠪᠠᠶᠢᠨ᠎ᠠ᠃      ᠬᠢᠨᠠᠭᠴᠢᠳ ᠤᠨ ᠲᠥᠪ ᠭᠤᠣᠯᠴᠢ ᠰᠢᠯᠭᠠᠷᠠᠭᠤᠯᠲᠠ ᠪᠠᠷ ᠳᠠᠮᠵᠢᠨ᠂ ᠳᠤᠭᠤᠶᠢᠯᠠᠩ ᠪᠦᠷᠢ ᠠᠴᠠ ᠨᠢᠭᠡᠳᠦᠭᠡᠷ ᠳᠡᠰ᠂ ᠬᠤᠶᠠᠳᠤᠭᠠᠷ ᠳᠡᠰ᠂ ᠭᠤᠷᠪᠠᠳᠤᠭᠠᠷ ᠳᠡᠰ ᠪᠤᠯᠤᠨ ᠰᠢᠯᠢᠳᠡᠭ ᠱᠠᠩᠨᠠᠯ ᠢ ᠲᠣᠳᠤᠷᠠᠭᠤᠯᠤᠨ ᠱᠠᠩᠨᠠᠵᠠᠢ᠃      ᠲᠠᠷᠠᠭᠠᠴᠢ ᠶᠢᠨ ᠠᠯᠬᠤᠮ ᠳᠤ᠂ ᠬᠤᠰᠢᠭᠤ ᠡᠮᠡᠭᠲᠡᠶᠢᠴᠦᠳ ᠤᠨ ᠬᠤᠯᠪᠤᠭᠠᠲᠤ ᠬᠤᠷᠠᠯ ᠨᠢ ᠠᠵᠢᠯᠯᠠᠭ᠎ᠠ ᠶᠢᠨ ᠬᠡᠯᠪᠡᠷᠢ ᠪᠠ ᠠᠴᠢᠶᠠᠯᠠᠪᠤᠷᠢ ᠶᠢᠨ ᠲᠠᠯ᠎ᠠ ᠪᠠᠷ ᠤᠯᠠᠮ ᠨᠢᠭᠡ ᠠᠯᠬᠤᠮ ᠰᠢᠨ᠎ᠡ ᠶᠢ ᠡᠭᠦᠳᠴᠦ᠂ ᠪᠦᠷᠬᠦᠴᠡ ᠶᠢ ᠲᠠᠰᠤᠷᠠᠯᠲᠠ ᠥᠬᠡᠶ ᠥᠷᠭᠡᠳᠬᠡᠨ᠂ ᠶᠠᠰᠤ ᠴᠢᠨᠠᠷ ᠢ ᠳᠡᠭᠡᠭᠰᠢᠯᠡᠭᠦᠯᠵᠦ᠂ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠦᠨ᠂ ᠭᠡᠷ ᠪᠦᠯᠢ ᠶᠢᠨ ᠤᠩᠰᠢᠯᠭ᠎ᠠ ᠶᠢᠨ ᠴᠠᠭ ᠤᠨ ᠠᠵᠢᠯᠯᠠᠭ᠎ᠠ ᠶᠢ ᠪᠠᠶᠢᠩᠭᠤ ᠥᠷᠨᠢᠭᠦᠯᠵᠦ᠂ ᠬᠡᠷ ᠤᠨ ᠠᠬᠠᠮᠠᠳ ᠪᠠ ᠬᠡᠦᠬᠡᠳ ᠤᠨ ᠭᠡᠷ ᠪᠦᠯᠢ ᠶᠢᠨ ᠤᠩᠰᠢᠯᠭ᠎ᠠ ᠶᠢᠨ ᠳᠤᠮᠳᠠ ᠬᠠᠮᠲᠤ ᠪᠠᠷ ᠦᠰᠦᠨ ᠪᠣᠶᠢᠵᠢᠵᠤ ᠳᠠᠪᠰᠢᠬᠤ  ᠶᠢ ᠬᠥᠲᠥᠯᠥᠨ ᠵᠢᠯᠣᠭᠤᠳᠤᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号