ᠮᠠᠨ ᠤ ᠬᠤᠰᠢᠭᠤ ︿︿4 . 23﹀﹀ ᠤ ᠪᠦᠬᠦ ᠠᠷᠠᠳ ᠤᠨ ᠨᠤᠮ ᠤᠩᠰᠢᠬᠤ ᠨᠡᠶᠢᠲᠡ ᠶᠢᠨ ᠠᠰᠠᠷᠠᠮᠵᠢ  ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/5/23
      29 ᠳᠠᠬᠢ ᠳᠡᠯᠡᠬᠡᠶ ᠶᠢᠨ ᠨᠣᠮ ᠤᠩᠰᠢᠬᠤ ᠡᠳᠦᠷ ᠬᠦᠷᠴᠦ ᠢᠷᠡᠬᠦ ᠲᠠᠰᠢᠷᠠᠮ ᠳᠤ᠂ ᠪᠥᠬᠦ ᠠᠷᠠᠳ ᠤᠨ ᠨᠣᠮ ᠤᠩᠰᠢᠬᠤ ᠶᠢᠨ ᠰᠣᠶᠣᠯ ᠤᠨ ᠢᠲᠡᠭᠡᠯ ᠢ ᠪᠣᠶᠢᠵᠢᠭᠤᠯᠬᠤ ᠳᠤᠮᠳᠠᠬᠢ ᠬᠥᠲᠥᠯᠥᠨ ᠳᠠᠭᠠᠭᠤᠯᠬᠤ ᠦᠶᠯᠡᠳᠦᠯ ᠢ ᠭᠦᠶᠴᠡᠳ ᠪᠠᠳᠠᠷᠠᠭᠤᠯᠵᠤ᠂ ᠪᠥᠬᠦ ᠨᠡᠶᠢᠭᠡᠮ ᠳᠤ ︿︿ᠨᠣᠮ ᠤᠩᠰᠢᠬᠤ ᠳᠤᠷᠠᠲᠠᠶ᠂ ᠰᠠᠶᠢᠨ ᠨᠣᠮ ᠤᠩᠰᠢᠬᠤ᠂ ᠨᠣᠮ ᠤᠩᠰᠢᠬᠤ ᠳᠠᠭᠠᠨ ᠴᠢᠳᠠᠮᠠᠭᠠᠶ ᠪᠠᠶᠢᠬᠤ﹀﹀ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 4 ᠰᠠᠷ᠎ᠠ ᠶᠢᠨ 22 ᠤᠨ ᠡᠳᠦᠷ᠂ ᠮᠠᠨ ᠤ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠤᠯᠢᠶᠠᠰᠤᠲᠠᠢ ᠪᠠᠯᠭᠠᠰᠤᠨ ᠤ ᠭᠤᠤᠯ ᠨᠣᠮ ᠤᠨ ᠥᠷᠥᠭᠡ᠂ ᠬᠤᠰᠢᠭᠤ ᠡᠪᠯᠡᠯ ᠤᠨ ᠬᠤᠷᠢᠶ᠎ᠠ᠂ ᠬᠥᠪᠴᠢᠨ ᠨᠡᠶᠢᠭᠡᠮ ᠲᠣᠭᠤᠷᠢᠭ ᠵᠢᠴᠢ ᠬᠤᠰᠢᠭᠤ ᠰᠢᠨᠬᠤᠸᠠ ᠨᠣᠮ ᠤᠨ ᠳᠡᠯᠭᠡᠭᠦᠷ ᠤᠨ ᠬᠠᠮᠲᠤᠷᠠᠨ ᠡᠷᠭᠢᠯᠡᠭᠰᠡᠨ《4 . 23》 ᠤ ᠪᠥᠬᠦ ᠠᠷᠠᠳ  ᠤᠨ ᠨᠣᠮ ᠤᠩᠰᠢᠬᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠤᠯᠢᠶᠠᠰᠤᠲᠠᠢ ᠪᠠᠯᠭᠠᠰᠤᠨ ᠤ ᠵᠠᠰᠠᠭ ᠤᠨ ᠣᠷᠳᠣᠨ  ᠳᠤ ᠶᠠᠪᠤᠭᠳᠠᠵᠤ᠂  ᠬᠤᠰᠢᠭᠤ ᠳᠥᠷᠪᠡᠳᠦᠭᠡᠷ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠠᠵᠢᠯᠯᠠᠭ᠎ᠠ ᠳᠤ ᠣᠷᠣᠯᠴᠠᠪᠠ  ᠃      ᠠᠵᠢᠯᠯᠠᠭ᠎ᠠ ᠳᠤ᠂ ᠪᠠᠭ᠎ᠠ ᠰᠤᠷᠭᠠᠭᠤᠯᠢ ᠶᠢᠨ ᠰᠤᠷᠤᠭᠴᠢᠳ ᠪᠣᠯᠤᠨ ᠤᠯᠢᠶᠠᠰᠤᠲᠠᠢ ᠪᠠᠯᠭᠠᠰᠤᠨ ᠤ ᠠᠵᠢᠯᠲᠠᠳ ᠠᠴᠠ ︿︿ᠬᠡᠷᠪᠡ ᠨᠠᠳᠠ ᠳᠤ ᠭᠤᠷᠪᠠᠨ ᠡᠳᠦᠷ ᠤᠨ ᠭᠡᠷᠡᠯ ᠭᠡᠭᠡ ᠥᠭᠪᠡᠯ﹀﹀᠂ ︿︿ᠱᠠᠨ ᠬᠠᠢ ᠵᠢᠩ﹀﹀ ᠵᠡᠷᠭᠡ ᠤᠯᠤᠰ ᠤᠨ ᠳᠣᠲᠣᠭᠠᠳᠤ ᠭᠠᠳᠠᠭᠠᠳᠤ ᠶᠢᠨ ᠰᠢᠯᠢᠳᠡᠭ ᠨᠣᠮ ᠪᠢᠴᠢᠭ ᠠᠴᠠ ᠢᠳᠡᠪᠬᠢᠲᠡᠢ ᠬᠤᠪᠢᠶᠠᠯᠴᠠᠨ᠂ ᠰᠢᠨᠬᠤᠸᠠ ᠨᠣᠮ ᠤᠨ ᠳᠡᠯᠭᠡᠭᠦᠷ ᠤᠨ ᠭᠡᠰᠢᠭᠦᠳ ᠪᠠᠰᠠ ᠤᠯᠠᠨ ᠳᠤ ᠰᠢᠯᠦᠭ ᠤᠶᠠᠩᠭᠠᠯᠠᠵᠠᠢ᠃ ᠨᠤᠮ ᠬᠤᠪᠢᠶᠠᠯᠴᠠᠵᠤ ᠳᠠᠭᠤᠰᠤᠭᠰᠠᠨ ᠤ ᠳᠠᠷᠠᠭ᠎ᠠ᠂ ᠬᠥᠲᠥᠯᠥᠭᠴᠢ ᠲᠤᠬᠠᠶ ᠶᠢᠨ ᠲᠠᠯᠠᠪᠠᠶ ᠳᠤ ᠰᠢᠯᠦᠭ ᠤᠨ ᠠᠰᠠᠭᠤᠯᠲᠠ ᠬᠠᠷᠢᠭᠤᠯᠲᠠ ᠭᠠᠷᠭᠠᠨ᠂ ᠰᠤᠷᠤᠭᠴᠢᠳ ᠢᠳᠡᠪᠬᠢᠳᠡᠢ ᠪᠠᠷ ᠤᠷᠤᠯᠴᠠᠵᠤ᠂ ᠠᠵᠢᠯᠯᠠᠭ᠎ᠠ ᠢᠳᠡ ᠬᠦᠭ ᠲᠠᠢ ᠶᠠᠪᠤᠭᠳᠠᠵᠠᠢ  ᠃      ᠲᠣᠰ ᠤᠳᠠᠭᠠᠨ ᠤ ᠠᠵᠢᠯᠯᠠᠭ᠎ᠠ ᠨᠢ ᠰᠢᠨ᠎ᠡ ᠴᠠᠭ ᠦᠶ᠎ᠡ ᠶᠢᠨ ᠪᠥᠬᠦ ᠠᠷᠠᠳ ᠤᠨ ᠤᠩᠰᠢᠯᠭ᠎ᠠ ᠶᠢᠨ ᠠᠵᠢᠯ ᠢ ᠰᠠᠶᠢᠲᠤᠷ ᠬᠢᠵᠦ᠂ ᠭᠤᠤᠯ ᠰᠡᠳᠦᠪ ᠤᠨ ᠲᠣᠭᠤᠷᠢᠨ ᠳᠤ᠂ ᠤᠨᠴᠠᠯᠢᠬᠳᠤ ᠤᠩᠰᠢᠯᠭ᠎ᠠ ᠶᠢ ᠳᠡᠯᠭᠡᠷᠡᠭᠦᠯᠬᠦ ᠠᠵᠢᠯᠯᠠᠭ᠎ᠠ ᠪᠠᠶᠢᠵᠤ᠂ ᠥᠷᠭᠡᠨ ᠣᠯᠠᠨ ᠵᠠᠯᠠᠭᠤᠴᠤᠳ ᠪᠠᠭᠠᠴᠤᠳ ᠪᠣᠯᠤᠨ ᠺᠠᠳ᠋ᠷ ᠠᠵᠢᠯᠲᠠᠨ ᠤ ᠤᠩᠰᠢᠯᠭ᠎ᠠ ᠶᠢᠨ ᠤᠷᠮ᠎ᠠ ᠰᠡᠳᠬᠢᠯᠭᠡ ᠶᠢ ᠬᠥᠭᠵᠢᠭᠡᠬᠦ ᠶᠢ ᠵᠣᠷᠢᠭᠰᠠᠨ ᠶᠤᠮ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号