ᠡᠵᠢᠨᠠᠭᠤᠷ ᠪᠠᠯᠭᠠᠰᠤ ︽ᠤᠮᠠᠷᠠᠲᠤ ᠬᠢᠯᠢ ᠶᠢᠨ ᠤᠩᠰᠢᠯᠭ᠎ᠠ︾ ᠨᠣᠮ ᠤᠨ ᠬᠤᠪᠢᠶᠠᠯᠴᠠᠯᠭ᠎ᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/5/23
      ᠡᠵᠢᠨᠠᠭᠤᠷ ᠪᠠᠯᠭᠠᠰᠤ ᠨᠢ ᠪᠦᠬᠦ ᠠᠷᠠᠳ ᠤᠨ ᠤᠩᠰᠢᠯᠭ᠎ᠠ ᠶᠢ ᠪᠣᠯᠪᠠᠰᠤᠨ ᠬᠡᠪ ᠰᠤᠷᠲᠠᠯ ᠢ ᠰᠤᠷᠲᠠᠯᠴᠢᠯᠠᠬᠤ ᠭᠠᠷᠳᠠᠴᠠ ᠪᠣᠯᠭᠠᠨ᠂ ︽ᠨᠣᠮ ᠤᠨ ᠬᠡᠰᠢᠭᠲᠦ ᠡᠵᠢᠨᠠᠭᠤᠷ︾— ᠪᠦᠬᠦ ᠠᠷᠠᠳ ᠤᠨ ᠤᠩᠰᠢᠯᠭ᠎ᠠ ᠶᠢᠨ ᠢᠳᠡᠪᠬᠢᠲᠦ ᠠᠭᠤᠷ ᠠᠮᠢᠰᠬᠤᠯ ᠢ ᠪᠣᠢ ᠪᠣᠯᠭᠠᠵᠤ᠂ ᠨᠣᠮ ᠤᠨ ᠤᠩᠰᠢᠯᠭ᠎ᠠ ᠶᠢ ᠡᠯ᠎ᠡ ᠦᠨᠳᠦᠰᠦᠲᠡᠨ ᠤ ᠠᠷᠠᠳ ᠣᠯᠠᠨ ᠤ ᠠᠮᠢᠳᠤᠷᠠᠯ ᠤᠨ ᠳᠠᠳᠬᠠᠯ ᠪᠤᠯᠭᠠᠵᠠᠢ᠃      4 ᠰᠠᠷ᠎ᠠ ᠶᠢᠨ 22 ᠤᠨ ᠡᠳᠦᠷ᠂ ᠡᠵᠢᠨᠠᠭᠤᠷ ᠪᠠᠯᠭᠠᠰᠤ ᠨᠢ ᠤᠩᠰᠢᠯᠭ᠎ᠠ ᠶᠢᠨ ᠪᠠᠶᠠᠰᠤᠯ ᠢ ᠬᠠᠮᠲᠤ ᠪᠠᠷ ᠡᠳ᠋ᠯᠡᠵᠦ᠂ ᠦᠵᠡᠰᠬᠦᠯᠡᠩᠲᠦ ᠤᠮᠠᠷᠠᠲᠤ ᠬᠢᠯᠢ ᠶᠢ ᠪᠠᠭ᠋ᠠᠷᠬᠠᠨ ᠤᠩᠰᠢᠨᠠᠮ—︽ᠨᠣᠮ ᠤᠨ ᠬᠡᠰᠢᠭᠲᠦ ᠡᠵᠢᠨᠠᠭᠤᠷ︾ ᠰᠣᠶᠣᠯ ᠤᠨ ᠰᠠᠭᠤᠷᠢᠨ ᠭᠠᠵᠠᠷ ᠲᠤ ︽ᠤᠮᠠᠷᠠᠲᠤ ᠬᠢᠯᠢ ᠶᠢᠨ ᠤᠩᠰᠢᠯᠭ᠎ᠠ︾ ᠪᠠᠷ ᠭᠤᠣᠯ ᠰᠡᠳᠦᠪ ᠪᠣᠯᠭᠠᠨ ᠨᠣᠮ ᠤᠨ ᠬᠤᠪᠢᠶᠠᠯᠴᠠᠯᠭ᠎ᠠ ᠶᠢᠨ ᠠᠵᠢᠯᠯᠠᠭ᠎ᠠ ᠥᠷᠨᠢᠭᠦᠯᠵᠡᠢ᠃      ᠠᠵᠢᠯᠯᠠᠭᠠᠨ ᠳᠤ᠂ ᠡᠵᠢᠨᠠᠭᠤᠷ ᠪᠠᠯᠭᠠᠰᠤᠨ ᠤ ᠡᠯ᠎ᠡ ᠭᠠᠴᠠᠭᠠᠨ ᠤ ᠮᠠᠯᠴᠢᠳ ᠬᠤᠪᠢᠶᠠᠯᠴᠠᠬᠤ ᠨᠣᠮ ᠤᠨ ᠲᠣᠭᠤᠷᠢᠨ ᠳᠤ᠂ ᠵᠣᠬᠢᠶᠠᠭᠴᠢ ᠶᠢᠨ ᠲᠠᠨᠢᠯᠴᠠᠭᠤᠯᠭ᠎ᠠ ᠬᠢᠵᠦ᠂ ᠲᠣᠭᠤᠵᠤ ᠪᠠᠭ᠋ᠠᠷᠬᠠᠭᠰᠠᠨ ᠬᠡᠰᠡᠭ ᠪᠠᠳᠠᠭ ᠢᠶᠠᠨ ᠰᠣᠩᠭᠤᠨ ᠤᠩᠰᠢᠵᠤ᠂ ᠣᠯᠣᠯᠲᠠ ᠲᠥᠷᠥᠭᠳᠡᠯ ᠢᠶᠠᠨ ᠬᠤᠪᠢᠶᠠᠯᠴᠠᠨ᠂ ᠬᠤᠪᠢᠶᠠᠯᠴᠠᠯᠭ᠎ᠠ ᠶᠢᠨ ᠳᠤᠮᠳᠠ ᠨᠣᠮ ᠤᠨ ᠡᠨᠧᠷᠭᠢ ᠬᠦᠴᠦᠨ ᠢ ᠬᠠᠷᠢᠯᠴᠠᠨ ᠳᠠᠮᠵᠢᠭᠤᠯᠵᠤ᠂ ᠣᠯᠣᠯᠲᠠ ᠪᠠ ᠪᠠᠭ᠋ᠠᠳᠤᠯ ᠢᠶᠠᠷ ᠪᠢᠯᠬᠠᠮ᠎ᠠ ᠪᠠᠶᠢᠯ᠎ᠠ᠃ ︽ᠨᠣᠮ ᠤᠨ ᠬᠡᠰᠢᠭᠲᠦ ᠡᠷᠤᠭᠡ︾ ᠶᠢᠨ ᠲᠥᠯᠥᠭᠡᠯᠡᠭᠴᠢ ᠤᠯᠠᠨ ᠲᠠᠢ ᠶᠠᠷᠢᠯᠴᠠᠭ᠎ᠠ ᠦᠷᠨᠢᠭᠦᠯᠵᠦ᠂ ᠤᠬᠠᠮᠰᠠᠷ ᠠᠴᠠ ᠪᠠᠨ ᠨᠣᠮ ᠤᠩᠰᠢᠬᠤ ᠠᠴᠠ ᠡᠬᠢᠯᠡᠨ ᠨᠣᠮ ᠤᠩᠰᠢᠬᠤ ᠶᠢ ᠡᠷᠬᠢᠮᠯᠡᠬᠦ᠂ ᠨᠣᠮ ᠳᠤ ᠬᠠᠶᠢᠷᠠᠲᠠᠢ ᠪᠣᠯᠬᠤ᠂ ᠨᠠᠰᠤᠨ ᠲᠤᠷᠰᠢᠲᠠ ᠨᠣᠮ ᠤᠩᠰᠢᠬᠤ ᠬᠦᠷᠲᠡᠯ᠎ᠡ ᠠᠯᠬᠤᠮ ᠳᠠᠷᠠᠭ᠎ᠠ ᠲᠠᠢ ᠪᠠᠷ ᠶᠠᠷᠢᠵᠤ᠂ ᠤᠩᠰᠢᠯᠭ᠎ᠠ ᠶᠢᠨ ᠶᠠᠪᠤᠴᠠ ᠳᠤ ᠬᠠᠨᠳᠤᠯᠭᠠᠲᠤ ᠴᠢᠨᠠᠷ ᠪᠣᠯᠣᠨ ᠦᠷ᠎ᠡ ᠪᠦᠲᠦᠮᠵᠢᠲᠦ ᠴᠢᠨᠠᠷ ᠢᠶᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ ᠭᠡᠵᠦ ᠤᠯᠠᠨ ᠢ ᠵᠣᠷᠢᠭᠵᠢᠭᠤᠯᠪᠠ᠃        ᠠᠵᠢᠯᠯᠠᠭᠠᠨ ᠳᠤ ᠪᠠᠰᠠ᠂ ᠭᠡᠷ ᠲᠤ ᠪᠠᠨ ᠲᠣᠬᠢᠯᠢᠭ ᠰᠠᠶᠢᠬᠠᠨ ᠨᠣᠮ ᠤᠨ ᠥᠷᠥᠭᠡ ᠲᠠᠢ᠂ ᠪᠠᠶᠠᠯᠢᠭ ᠲᠥᠷᠥᠯ ᠪᠦᠬᠦᠢ ᠨᠣᠮ ᠲᠠᠢ ︽ᠨᠣᠮ ᠤᠨ ᠬᠡᠰᠢᠭᠲᠦ ᠡᠷᠤᠭᠡ︾ ᠶᠢ ᠬᠥᠬᠢᠭᠦᠯᠦᠨ ᠰᠠᠶᠢᠰᠢᠶᠠᠵᠤ᠂ ᠲᠡᠳᠡᠨ ᠤ ᠬᠤᠶᠢᠰᠢᠳᠠ ᠶᠢᠨ ᠠᠮᠢᠳᠤᠷᠠᠯ ᠳᠤᠮᠳᠠ ᠪᠠᠨ ᠦᠷᠭᠦᠯᠵᠢᠯᠡᠨ ᠭᠡᠷ ᠪᠦᠯᠢ ᠶᠢᠨ ᠨᠣᠮ ᠤᠨ ᠥᠷᠥᠭᠡ ᠪᠠᠷ ᠠᠴᠢᠶᠠᠯᠠᠪᠤᠷᠢ ᠪᠣᠯᠭᠠᠵᠤ᠂ ᠨᠣᠮ ᠤᠨ ᠶᠢᠷᠲᠢᠨᠴᠤ ᠠᠴᠠ ᠨᠡᠩ ᠰᠠᠶᠢᠨ ᠰᠠᠶᠢᠬᠠᠨ ᠠᠮᠢᠳᠤᠷᠠᠯ ᠢ ᠬᠠᠶᠢᠨ ᠰᠥᠪᠡᠭᠴᠢᠯᠡᠬᠦ ᠶᠢ ᠬᠦᠰᠡᠨ ᠨᠠᠶᠢᠳᠠᠪᠠ᠃      ᠨᠣᠮ ᠪᠣᠯ ᠶᠣᠰᠣ ᠰᠣᠷᠲᠠᠬᠤᠨ᠂ ᠣᠶᠣᠨ ᠤᠬᠠᠭᠠᠨ ᠤ ᠰᠤᠷᠲᠠᠯᠴᠢᠯᠠᠭᠴᠢ ᠭᠡᠳᠡᠭᠴᠢᠯᠡᠨ᠂ ᠢᠷᠡᠭᠡᠳᠦᠢ ᠳᠤ᠂ ᠡᠵᠢᠨᠠᠭᠤᠷ ᠪᠠᠯᠭᠠᠰᠤ ᠨᠢ ᠤᠩᠰᠢᠯᠭ᠎ᠠ‌‍ᠶᠢ ᠦᠷᠭᠦᠯᠵᠢᠯᠡᠨ ᠣᠯᠠᠨ ᠨᠡᠶᠢᠲᠡ ᠶᠢᠨ ᠰᠣᠶᠣᠯ ᠤᠨ ᠬᠠᠮᠤᠭ ᠤᠨ ᠦᠨᠳᠦᠰᠦᠨ ᠪᠠᠶᠢᠭᠤᠯᠤᠯᠲᠠ ᠪᠣᠯᠭᠠᠵᠤ᠂ ᠨᠣᠮ ᠢᠯᠡᠭᠦᠦ ᠤᠩᠰᠢᠬᠤ᠂ ᠰᠠᠶᠢᠨ ᠨᠣᠮ ᠤᠩᠰᠢᠬᠤ ᠣᠶᠢᠯᠠᠭᠠᠭᠳᠠᠬᠤᠨ ᠢ        ᠪᠠᠷᠢᠮᠲᠠᠯᠠᠵᠤ᠂ ︽ᠭᠤᠣᠯ ᠨᠣᠮ ᠤᠨ ᠦᠷᠦᠭᠡ︾᠂ ︽ᠲᠠᠯ᠎ᠠ ᠨᠤᠲᠤᠭ ᠤᠨ ᠨᠣᠮ ᠤᠨ ᠦᠷᠦᠭᠡ︾᠂ ︽ᠨᠣᠮ ᠤᠨ ᠬᠡᠰᠢᠭᠲᠦ ᠡᠷᠤᠭᠡ︾ ᠵᠡᠷᠭᠡ ᠤᠩᠰᠢᠯᠭ᠎ᠠ ᠶᠢᠨ ᠣᠷᠣᠨ ᠵᠠᠢ ᠶᠢ ᠰᠠᠶᠢᠲᠤᠷ ᠠᠰᠢᠭᠯᠠᠨ ᠠᠮᠢᠳᠤᠯᠢᠭ ᠢᠶᠠᠷ ᠬᠡᠷᠡᠭᠯᠡᠵᠦ᠂ ᠨᠣᠮ ᠤᠩᠰᠢᠬᠤ ᠰᠣᠶᠣᠯ ᠤᠨ ᠨᠥᠬᠦᠴᠡᠯ ᠢ ᠢᠳᠡᠪᠬᠢᠲᠡᠢ ᠲᠡᠭᠦᠯᠳᠡᠷᠵᠢᠭᠦᠯᠵᠦ᠂ ᠨᠣᠮ ᠤᠨ ᠬᠡᠰᠢᠭ ᠢ ᠮᠢᠩᠭᠠᠨ ᠠᠶᠢᠯ ᠲᠥᠮᠡᠨ ᠡᠷᠦᠬᠡ ᠳᠤ ᠲᠥᠭᠡᠭᠡᠵᠦ᠂ ᠨᠣᠮ ᠤᠨ ᠬᠠᠭᠤᠳᠠᠰᠤᠨ ᠠᠴᠠ ᠦᠵᠡᠰᠬᠦᠯᠡᠩᠲᠦ ᠤᠮᠠᠷᠠᠲᠤ ᠬᠢᠯᠢ ᠶᠢ ᠪᠠᠭ᠋ᠠᠷᠠᠨ ᠤᠩᠰᠢᠬᠤ ᠪᠤᠯᠤᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号