ᠰᠠᠮᠠᠢ ᠰᠤᠮᠤᠨ ᠤ ᠡᠪᠯᠡᠯ ᠤᠨ ᠬᠤᠷᠢᠶ᠎ᠠ ᠨᠢ ︽ᠳᠤᠮᠳᠠᠳᠤ ᠤᠯᠤᠰ ᠤᠨ ᠤᠳᠤᠬᠢᠴᠢᠯᠠᠯᠲᠠ ᠶᠢᠨ ᠲᠦᠯᠦᠭᠡ ᠵᠤᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠶ᠎ᠡ — ᠵᠠᠯᠠᠭᠤ ᠨᠠᠰᠤᠨ ᠳᠤ ᠪᠠᠨ ᠨᠤᠮ ᠤᠩᠰᠢᠬᠤ ᠳᠤᠷᠠᠲᠠᠢ︾ ᠭᠤᠤᠯ ᠰᠡᠳᠦᠪᠲᠦ ᠨᠤᠮ ᠤᠩᠰᠢᠬᠤ ᠬᠦᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2024/5/23
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠪᠦᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠵᠠᠯᠠᠭᠤᠴᠤᠳ ᠤᠨ ᠠᠵᠢᠯ ᠤᠨ ᠴᠢᠯᠥᠭᠡᠨ ᠤ ᠠᠮᠢᠳᠤᠷᠠᠯ ᠢ  ᠪᠠᠶᠠᠯᠢᠭᠵᠢᠭᠤᠯᠤᠨ᠂ ᠵᠠᠯᠠᠭᠤᠴᠤᠳ ᠢ ᠬᠦᠳᠦᠯᠦᠨ ᠵᠢᠯᠣᠭᠤᠳᠴᠤ ᠤᠩᠰᠢᠯᠭ᠎ᠠ ᠶᠢᠨ ᠰᠠᠶᠢᠨ ᠳᠠᠳᠬᠠᠯ ᠲᠠᠢ ᠪᠣᠯᠭᠠᠬᠤ ᠶᠢᠨ ᠲᠥᠯᠥᠭᠡ᠂ 4 ᠰᠠᠷ᠎ᠠ ᠶᠢᠨ 23 ᠤ ᠡᠳᠦᠷ᠂ ᠬᠤᠷᠢᠨ ᠶᠢᠰᠤᠳᠤᠭᠡᠷ ︽ᠳᠡᠯᠡᠬᠡᠢ ᠶᠢᠨ ᠨᠣᠮ ᠤᠩᠰᠢᠬᠤ ᠡᠳᠦᠷ︾ ᠲᠤ ᠰᠠᠮᠠᠢ ᠰᠤᠮᠤᠨ ᠤ ᠡᠪᠯᠡᠯ ᠤᠨ ᠬᠤᠷᠢᠶ᠎ᠠ ᠨᠢ         ︽ᠳᠤᠮᠳᠠᠳᠤ ᠤᠯᠤᠰ ᠤᠨ ᠤᠳᠤᠬᠢᠴᠢᠯᠠᠯᠲᠠ ᠶᠢᠨ ᠲᠦᠯᠦᠭᠡ ᠵᠤᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠶ᠎ᠡ — ᠵᠠᠯᠠᠭᠤ ᠨᠠᠰᠤᠨ ᠳᠤ ᠪᠠᠨ ᠨᠤᠮ ᠤᠩᠰᠢᠬᠤ ᠳᠤᠷᠠᠲᠠᠢ︾  ᠭᠤᠤᠯ ᠰᠡᠳᠦᠪᠲᠦ ᠨᠣᠮ ᠤᠩᠰᠢᠬᠤ ᠬᠦᠳᠡᠯᠭᠡᠭᠡᠨ ᠥᠷᠨᠢᠭᠦᠯᠪᠡ᠃      ᠨᠣᠮ ᠤᠩᠰᠢᠬᠤ ᠲᠤᠬᠠᠢ ᠶᠢᠨ ᠲᠠᠯᠠᠪᠤᠷ ᠲᠤ᠂ ᠬᠦᠷ ᠬᠥᠭᠵᠢᠶᠡᠨ ᠲᠠᠢ ᠪᠠᠶᠢᠵᠤ᠂ ᠤᠷᠤᠯᠴᠠᠭᠴᠠᠳ ᠲᠤᠰ ᠪᠡᠶ᠎ᠡ ᠶᠢᠨ ᠠᠵᠢᠯ᠂ ᠠᠮᠢᠳᠤᠷᠠᠯ᠂ ᠰᠤᠷᠤᠯᠴᠠᠯᠭ᠎ᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ︽ᠰᠢ ᠶᠢᠨ ᠫᠢᠩ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠤᠬᠠᠢ ᠥᠭᠦᠯᠡᠯᠲᠡ ᠶᠢᠨ ᠲᠡᠭᠦᠪᠦᠷᠢ︾᠂ ᠶᠡᠷᠦᠩᠬᠡᠢ ᠱᠦᠵᠢ ᠰᠢ ᠶᠢᠨ ᠫᠢᠩ ᠤᠨ ︽ᠨᠠᠮ ᠤᠨ ᠵᠠᠯᠠᠭᠤᠴᠤᠳ ᠤᠨ ᠠᠵᠢᠯ ᠢ ᠥᠭᠦᠯᠡᠬᠦ ᠨᠢ︾ ᠵᠡᠷᠭᠡ ᠵᠣᠬᠢᠶᠠᠯ ᠤᠨ ᠲᠤᠬᠠᠢ ᠣᠯᠤᠯᠲᠠ ᠲᠦᠷᠦᠭᠳᠡᠯ ᠢᠶᠠᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠬᠤᠪᠢᠶᠠᠯᠴᠠᠵᠤ᠂ ᠰᠣᠯᠢᠯᠴᠠᠭᠠᠨ ᠤ ᠳᠤᠮᠳᠠ ᠵᠠᠯᠠᠭᠤ ᠨᠠᠰᠤᠨ ᠤ ᠦᠵᠡᠯ ᠰᠠᠨᠠᠭᠠᠨ ᠤ  ᠭᠢᠯᠠᠰ ᠴᠡᠭ ᠢ  ᠪᠠᠳᠠᠷᠠᠭᠤᠯᠪᠠ᠃      ᠵᠠᠯᠠᠭᠤᠴᠤᠳ ᠨᠣᠮ ᠢᠶᠠᠷ ᠨᠠᠶᠢᠵᠠᠯᠠᠵᠤ᠂ ᠤᠩᠰᠢᠯᠭ᠎ᠠ ᠪᠠᠷ ᠥᠪᠡᠷ ᠤᠨ ᠪᠠᠶᠠᠷ ᠪᠠᠶᠠᠰᠤᠯ ᠪᠠ ᠬᠦᠴᠦᠨ ᠴᠢᠳᠠᠯ ᠢ ᠳᠠᠶᠢᠴᠢᠯᠠᠨ᠂ ᠥᠪᠡᠷ ᠤᠨ ᠮᠡᠳᠡᠯᠭᠡ ᠶᠢᠨ ᠬᠢᠷᠢ ᠲᠦᠪᠰᠢᠨ ᠪᠠ ᠣᠶᠤᠨ ᠰᠠᠨᠠᠭᠠᠨ ᠤ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠪᠡ᠃ ᠳᠠᠷᠠᠭᠠᠴᠢ ᠶᠢᠨ ᠠᠯᠬᠤᠮ ᠳᠤ᠂ ᠰᠠᠮᠠᠢ ᠰᠤᠮᠤᠨ ᠤ ᠡᠪᠯᠡᠯ ᠤᠨ ᠬᠤᠷᠢᠶ᠎ᠠ ᠨᠢ ᠡᠪᠯᠡᠯ ᠤᠨ ᠭᠡᠰᠢᠭᠦᠨ ᠵᠠᠯᠠᠭᠤᠴᠤᠳ ᠲᠤ ᠡᠯ᠎ᠡ ᠲᠦᠷᠦᠯ ᠤᠨ ᠰᠤᠷᠤᠯᠴᠠᠯᠭ᠎ᠠ ᠰᠣᠯᠢᠯᠴᠠᠭ᠎ᠠ᠂ ᠦᠢᠯᠡᠳᠦᠯᠭᠡ ᠶᠢᠨ ᠪᠣᠯᠪᠠᠰᠤᠷᠠᠯ ᠤᠨ ᠲᠠᠪᠴᠠᠩ ᠢ ᠦᠷᠭᠦᠯᠵᠢᠯᠡᠨ ᠬᠠᠩᠭᠠᠵᠦ᠂ ᠭᠤᠣᠯ ᠠᠵᠢᠯ ᠢ ᠵᠠᠯᠠᠭᠤᠴᠤᠳ ᠤᠨ ᠨᠣᠮ ᠤᠩᠰᠢᠬᠤ ᠠᠵᠢᠯᠯᠠᠭ᠎ᠠ ᠲᠠᠢ ᠭᠦᠨᠵᠡᠭᠡᠢ ᠤᠶᠠᠯᠳᠤᠭᠤᠯᠬᠤ ᠶᠢ ᠪᠠᠷᠢᠮᠲᠠᠯᠠᠵᠤ᠂ ᠰᠤᠷᠤᠯᠴᠠᠯᠭ᠎ᠠ ᠪᠠᠷ ᠰᠦᠭ ᠰᠦᠨᠡᠰᠦ ᠶᠢ        ᠱᠤᠭᠤᠵᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠵᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠵᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠤᠨ᠂ ᠤᠯᠠᠨ ᠤ ᠰᠢᠷᠭᠠᠭᠤ ᠰᠤᠷᠤᠯᠴᠠᠬᠤ᠂ ᠴᠢᠳᠠᠮᠠᠭᠠᠢ ᠪᠠᠷ ᠰᠡᠳᠬᠢᠬᠦ᠂ ᠦᠨᠡᠨᠴᠢ ᠰᠢᠳᠤᠷᠭᠤ ᠪᠠᠷ ᠬᠡᠷᠡᠭᠵᠢᠭᠦᠯᠬᠦ ᠶᠢ ᠵᠣᠷᠢᠭᠵᠢᠭᠤᠯᠵᠤ᠂ ᠤᠷᠤᠭᠰᠢᠯᠠᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢᠶᠠᠨ ᠡᠭᠦᠷᠢᠳᠡ ᠬᠠᠳᠠᠭᠠᠯᠠᠬᠤ ᠶᠢ ᠠᠬᠢᠭᠤᠯᠤᠨ᠎ᠠ᠃
 
ᠢᠷᠡᠯᠲᠡ᠄ ᠰᠠᠮᠠᠢ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号