ᠰᠠᠮᠠᠢ ᠰᠤᠮᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠤᠳᠠᠭᠠᠨ ᠤ ᠬᠤᠷᠠᠯᠳᠤᠭᠠᠨ ᠠᠮᠵᠢᠯᠲᠠ ᠲᠠᠢ ᠬᠤᠷᠠᠯᠳᠤᠪᠠ
ᠨᠡᠶᠢᠲᠡᠯᠡᠭᠰᠡᠨ ᠴᠠᠭ᠄
2024/5/23
      4 ᠰᠠᠷ᠎ᠠ ᠶᠢᠨ 25 ᠤ ᠡᠳᠦᠷ ᠠᠴᠠ 4 ᠰᠠᠷ᠎ᠠ ᠶᠢᠨ 26 ᠤ ᠡᠳᠦᠷ ᠪᠣᠯᠲᠠᠯ᠎ᠠ᠂ ᠰᠠᠮᠠᠢ ᠰᠤᠮᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠵᠢᠷᠭᠤᠳᠤᠭᠠᠷ ᠤᠳᠠᠭᠠᠨ ᠤ  ᠬᠤᠷᠠᠯᠳᠤᠭᠠᠨ ᠲᠡᠭᠦᠰ ᠠᠮᠵᠢᠯᠲᠠ ᠲᠠᠢ ᠬᠤᠷᠠᠯᠳᠤᠵᠤ᠂  ᠶᠡᠭᠡ ᠬᠤᠷᠠᠯ ᠤᠨ ᠡᠯ᠎ᠡ ᠵᠥᠪᠯᠡᠬᠦ ᠵᠦᠢᠯ ᠢᠶᠠᠨ ᠤᠷᠤᠭᠰᠢᠲᠠᠶ ᠪᠡᠶᠡᠯᠡᠭᠦᠯᠪᠡ᠃ ᠲᠣᠰ ᠤᠳᠠᠭᠠᠨ ᠤ ᠬᠤᠷᠠᠯᠳᠤᠭᠠᠨ ᠳᠤ ᠣᠷᠣᠯᠴᠠᠬᠤ ᠶᠣᠰᠣᠲᠠᠶ ᠲᠥᠯᠥᠭᠡᠯᠡᠭᠴᠢ 46  ᠨᠡᠷ᠎ᠡ᠂ ᠪᠣᠳᠠᠲᠠᠶ ᠣᠷᠣᠯᠴᠠᠭᠰᠠᠨ ᠲᠥᠯᠥᠭᠡᠯᠡᠭᠴᠢ 39 ᠨᠡᠷ᠎ᠡ᠂ ᠰᠤᠯᠠ ᠣᠷᠤᠯᠴᠠᠭᠰᠠᠳ 8  ᠨᠡᠷ᠎ᠡ᠂ ᠣᠨᠴᠠ ᠤᠷᠢᠭᠰᠠᠨ ᠲᠥᠯᠥᠭᠡᠯᠡᠭᠴᠢ 2 ᠨᠡᠷ᠎ᠡ᠃ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠰᠤᠮᠤᠨ ᠤ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠵᠦ᠂ ᠪᠥᠬᠦ ᠲᠠᠯ᠎ᠠ ᠶᠢᠨ ᠶᠡᠭᠡ ᠶᠠᠪᠤᠳᠠᠯ ᠢ ᠵᠥᠪᠯᠡᠵᠦ᠂ ᠪᠣᠳᠠᠲᠠᠶ ᠶᠢ ᠡᠷᠬᠢᠮᠯᠡᠬᠦ ᠠᠷᠭ᠎ᠠ ᠪᠣᠳᠣᠯᠭ᠎ᠠ ᠶᠢ ᠡᠷᠭᠦᠵᠦ᠂ ᠠᠷᠢᠭᠤᠨ ᠲᠠᠷᠬᠠᠨ ᠬᠠᠷᠢᠭᠤᠴᠠᠯᠭ᠎ᠠ ᠶᠢ ᠬᠡᠷᠡᠭᠵᠢᠭᠦᠯᠵᠦ᠂ ᠣᠷᠭᠢᠯᠤᠮ᠎ᠠ ᠬᠠᠯᠠᠭᠤᠨ ᠤᠯᠤᠰ ᠲᠥᠷᠥ ᠶᠢᠨ ᠬᠠᠯᠠᠭᠤᠨ ᠰᠡᠳᠬᠢᠯᠭᠡ᠂ ᠪᠠᠲᠤ ᠴᠢᠩᠭ᠎ᠠ ᠡᠭᠦᠷᠭᠡ ᠬᠠᠷᠢᠭᠤᠴᠠᠯᠭ᠎ᠠ᠂ ᠴᠤᠭ ᠪᠠᠳᠠᠷᠠᠩᠭᠤᠶ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ  ᠰᠢᠨ᠎ᠡ ᠴᠤᠭ ᠵᠢᠪᠬᠤᠭ᠎ᠠ ᠰᠢᠨ᠎ᠡ  ᠵᠢᠳᠬᠦᠯ ᠴᠢᠷᠮᠠᠶᠢᠯᠭ᠎ᠠ ᠶᠢ ᠢᠯᠡᠷᠡᠭᠦᠯᠪᠡ᠃      ᠲᠦᠯᠥᠭᠡᠯᠡᠭᠴᠢᠳ ᠨᠡᠷ᠎ᠡ ᠮᠡᠳᠡᠭᠦᠯᠬᠦ      ᠰᠠᠮᠠᠢ ᠰᠤᠮᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠤᠳᠠᠭᠠᠨ ᠤ ᠬᠤᠷᠠᠯᠳᠤᠭᠠᠨ ᠳᠤ ᠣᠷᠣᠯᠴᠠᠭᠰᠠᠨ ᠲᠥᠯᠥᠭᠡᠯᠡᠭᠴᠢᠳ ᠪᠦᠭᠦᠳᠡᠭᠡᠷ ᠨᠡᠷ᠎ᠡ ᠮᠡᠳᠡᠭᠦᠯᠵᠦ᠂ ᠬᠠᠮᠢᠶ᠎ᠠ ᠪᠦᠬᠦᠢ ᠬᠤᠷᠠᠯ ᠤᠨ ᠮᠠᠲ᠋ᠧᠷᠢᠶᠠᠯ ᠢ ᠠᠪᠴᠤ᠂ ᠬᠤᠷᠠᠯ ᠤᠨ ᠵᠥᠪᠯᠡᠬᠦ ᠵᠦᠢᠯ  ᠵᠢᠴᠢ ᠬᠠᠮᠢᠶ᠎ᠠ ᠪᠦᠬᠦᠢ ᠲᠣᠬᠢᠷᠠᠭᠤᠯᠤᠯᠲᠠ ᠶᠢ ᠣᠶᠢᠯᠠᠭᠠᠪᠠ᠃      ᠲᠦᠷ ᠴᠠᠭ ᠤᠨ ᠨᠠᠮ ᠤᠨ ᠡᠭᠦᠷ ᠢ ᠪᠠᠶᠢᠭᠤᠯᠬᠤ      ᠰᠠᠮᠠᠢ ᠰᠤᠮᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠤᠳᠠᠭᠠᠨ ᠤ ᠬᠤᠷᠠᠯᠳᠤᠭᠠᠨ ᠤ ᠨᠠᠮ ᠤᠨ ᠭᠡᠰᠢᠭᠦᠳ ᠤᠨ ᠶᠡᠭᠡ ᠬᠤᠷᠠᠯ ᠢ ᠬᠤᠷᠠᠯᠳᠤᠭᠤᠯᠵᠤ᠂ ᠲᠦᠷ ᠴᠠᠭ ᠤᠨ ᠨᠠᠮ ᠤᠨ ᠡᠭᠦᠷ ᠢ ᠪᠠᠶᠢᠭᠤᠯᠵᠤ᠂ ᠰᠢᠷᠠᠶᠢᠪᠠᠨᠽᠡᠷ ᠨᠥᠬᠦᠷ ᠲᠦᠷ ᠴᠠᠭ ᠤᠨ ᠨᠠᠮ ᠤᠨ ᠡᠭᠦᠷ ᠤᠨ ᠱᠦᠵᠢ ᠶᠢᠨ ᠲᠤᠰᠢᠶᠠᠯ ᠢ ᠬᠠᠷᠢᠭᠤᠴᠠᠭᠰᠠᠨ ᠪᠥᠭᠡᠳ ᠶᠠᠷᠢᠶ᠎ᠠ ᠲᠠᠯᠪᠢᠪᠠ᠃      ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢᠨ ᠤᠬᠠᠭᠤᠯᠤᠨ ᠲᠠᠶᠢᠯᠪᠤᠷᠢᠯᠠᠯᠲᠠ      ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠪᠥᠬᠡᠭᠡᠷᠡᠯ ᠨᠥᠬᠦᠷ ᠲᠥᠯᠥᠭᠡᠯᠡᠭᠴᠢᠳ ᠢ ᠵᠣᠬᠢᠶᠠᠨ ᠪᠠᠶᠢᠭᠤᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠯᠭᠠᠬᠤ ᠵᠢᠴᠢ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢᠨ ᠪᠣᠯᠪᠠᠰᠤᠷᠠᠭᠤᠯᠤᠯ ᠢ ᠥᠷᠨᠢᠭᠦᠯᠵᠦ᠂ ᠲᠥᠯᠥᠭᠡᠯᠡᠭᠴᠢᠳ ᠤᠨ ᠤᠯᠤᠰ ᠲᠦᠷᠦ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠤᠯᠤᠰ ᠲᠦᠷᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠠᠷᠠᠳ ᠤᠨ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠪᠡ᠃      ᠪᠡᠯᠡᠳᠬᠡᠯ ᠬᠤᠷᠠᠯ      ᠪᠡᠯᠡᠳᠬᠡᠯ ᠬᠤᠷᠠᠯ  ᠳᠤ᠂ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠪᠦᠬᠡᠭᠡᠷᠡᠯ ᠨᠥᠬᠦᠷ ᠪᠡᠯᠡᠳᠬᠡᠯ ᠬᠤᠷᠠᠯ ᠤᠨ ᠮᠡᠳᠡᠭᠦᠯᠦᠯᠲᠡ ᠬᠢᠵᠦ᠂ ᠶᠡᠭᠡ ᠬᠤᠷᠠᠯ ᠤᠨ ᠵᠥᠪᠯᠡᠬᠦ ᠵᠦᠢᠯ              ︵ᠲᠥᠰᠦᠯ︶᠂ ᠲᠡᠷᠢᠭᠦᠯᠡᠭᠴᠢᠳ ᠤᠨ ᠪᠦᠯᠬᠦᠮ ᠤᠨ ᠭᠡᠰᠢᠭᠦᠨ ᠤ ᠨᠡᠷᠡᠰ ︵ᠲᠥᠰᠦᠯ︶᠂ ᠭᠦᠢᠴᠡᠳᠬᠡᠬᠦ ᠲᠡᠷᠢᠭᠦᠯᠡᠭᠴᠢ ᠶᠢᠨ ᠨᠡᠷᠡᠰ ︵ᠲᠥᠰᠦᠯ︶᠂ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠨᠡᠷᠡᠰ            ︵ᠲᠥᠰᠦᠯ︶᠂ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ ︵ᠲᠥᠰᠦᠯ︶᠂ ᠰᠠᠨᠠᠯ ᠵᠥᠪᠯᠡᠯᠭᠡ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠨᠡᠷᠡᠰ ︵ᠲᠥᠰᠦᠯ︶᠂ ᠠᠷᠠᠳ ᠤᠨ ᠠᠮᠢᠳᠤᠷᠠᠯ ᠤᠨ ᠪᠤᠳᠠᠳᠤ ᠬᠡᠷᠡᠭ ᠤᠨ ᠲᠥᠷᠥᠯ ᠵᠦᠢᠯ ᠤᠨ ᠰᠤᠩᠭᠤᠭᠤᠯᠢ ᠶᠢᠨ ᠠᠷᠠᠭ᠎ᠠ ︵ᠲᠥᠰᠥᠯ︶᠂ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ  ᠵᠥᠪᠯᠡᠯ  ᠤᠨ ᠨᠡᠷᠡᠰ ︵ᠲᠥᠰᠦᠯ︶  ᠢ ᠬᠢᠨᠠᠨ ᠵᠥᠪᠯᠡᠵᠦ ᠪᠠᠲᠤᠯᠠᠪᠠ᠃      ᠲᠡᠷᠢᠭᠦᠯᠡᠭᠴᠢᠳ ᠤᠨ ᠪᠦᠯᠬᠦᠮ ᠤᠨ ᠠᠩᠬᠠᠳᠤᠭᠠᠷ ᠤᠳᠠᠭᠠᠨ ᠤ ᠬᠤᠷᠠᠯᠳᠤᠭᠠᠨ      ᠶᠡᠭᠡ ᠬᠤᠷᠠᠯ ᠤᠨ ᠳᠠᠷᠠᠮ ︵ᠲᠥᠰᠦᠯ︶᠂ ᠲᠡᠷᠢᠭᠦᠯᠡᠭᠴᠢᠳ ᠤᠨ ᠪᠦᠯᠬᠦᠮ ᠤᠨ ᠭᠡᠰᠢᠭᠦᠨ ᠤ ᠳᠤᠭᠤᠶᠢᠯᠠᠩ ᠬᠤᠪᠢᠶᠠᠭᠰᠠᠨ ᠨᠡᠷᠡᠰ ︵ᠲᠥᠰᠦᠯ︶᠂  ᠭᠦᠢᠴᠡᠳᠬᠡᠭᠴᠢ ᠲᠡᠷᠢᠭᠦᠯᠡᠭᠴᠢ ᠶᠢᠨ ᠨᠡᠷᠡᠰ ︵ᠲᠥᠰᠦᠯ︶᠂ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠨᠡᠷᠡᠰ ︵ᠲᠥᠰᠦᠯ︶ ᠂ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ ︵ᠲᠥᠰᠦᠯ︶᠂  ᠰᠠᠨᠠᠯ ᠵᠥᠪᠯᠡᠯᠭᠡ  ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠨᠡᠷᠡᠰ ︵ᠲᠥᠰᠦᠯ︶᠂ ᠠᠷᠠᠳ ᠤᠨ ᠠᠮᠢᠳᠤᠷᠠᠯ ᠤᠨ ᠪᠣᠳᠠᠲᠤ  ᠬᠡᠷᠡᠭ ᠤᠨ ᠲᠥᠷᠥᠯ ᠵᠦᠢᠯ ᠤᠨ ᠰᠤᠩᠭᠤᠭᠤᠯᠢ ᠶᠢᠨ ᠠᠷᠭ᠎ᠠ ︵ᠲᠥᠰᠦᠯ︶᠂ ᠲᠥᠯᠥᠭᠡᠯᠡᠭᠴᠢᠳ ᠤᠨ ᠰᠠᠨᠠᠯ ᠵᠥᠪᠯᠡᠯᠭᠡ ᠳᠡᠪᠰᠢᠭᠦᠯᠬᠦ ᠬᠢᠵᠠᠭᠠᠷ ᠴᠠᠭ ︵ᠲᠥᠰᠦᠯ︶ ᠢ ᠬᠢᠨᠠᠨ ᠵᠥᠪᠯᠡᠵᠦ ᠪᠠᠲᠤᠯᠠᠪᠠ᠃      ᠠᠩᠬᠠᠳᠤᠭᠠᠷ ᠤᠳᠠᠭᠠᠨ ᠤ ᠪᠥᠬᠦ ᠭᠡᠰᠢᠭᠦᠨ ᠤ ᠬᠤᠷᠠᠯ      ᠰᠠᠮᠠᠢ  ᠰᠤᠮᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠤᠳᠠᠭᠠᠨ ᠤ ᠬᠤᠷᠠᠯᠳᠤᠭᠠᠨ ᠰᠦᠷ  ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠬᠥᠰᠢᠭᠡ ᠪᠠᠨ ᠰᠡᠬᠦᠵᠦ᠂ ᠪᠦᠬᠦ ᠰᠤᠮᠤᠨ ᠤ ᠮᠠᠯᠴᠢᠨ ᠰᠠᠭᠤᠭᠠᠯᠢ ᠠᠷᠠᠳ᠂ ᠡᠯ᠎ᠡ ᠹᠷᠣᠨᠲ ᠠᠴᠠ ᠢᠷᠡᠭᠰᠡᠨ ᠠᠷᠠᠳ ᠤᠨ ᠲᠥᠯᠥᠭᠡᠯᠡᠭᠴᠢᠳ ᠪᠦᠬᠦ  ᠰᠤᠮᠤᠨ ᠤ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠵᠦ᠂ ᠨᠢᠭᠡ ᠲᠠᠩᠬᠢᠮ ᠳᠤ ᠴᠤᠭᠯᠠᠷᠠᠪᠠ᠃      ᠶᠡᠭᠡ ᠬᠤᠷᠠᠯ ᠠᠴᠠ ᠰᠠᠮᠠᠢ ᠰᠤᠮᠤᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠂             ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠠᠵᠢᠯ ᠤᠨ        ᠢᠯᠡᠳᠬᠡᠯ︾᠂ ︽ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠲᠦᠷᠦᠯ ᠵᠦᠢᠯ ᠤᠨ ᠠᠵᠢᠯ ᠤᠨ         ᠮᠡᠳᠡᠭᠦᠯᠦᠯᠲᠡ︾᠂  ︽ᠡᠳ᠋ ᠤᠨ ᠵᠠᠰᠠᠭ ᠤᠨ ᠲᠥᠰᠦᠪ ᠪᠣᠯᠤᠨ ᠲᠥᠰᠦᠪ ᠢ ᠭᠦᠢᠴᠡᠳᠬᠡᠭᠰᠡᠨ ᠪᠠᠶᠢᠳᠠᠯ ᠤᠨ ᠮᠡᠳᠡᠭᠦᠯᠦᠯᠲᠡ︾ ᠶᠢ ᠰᠣᠨᠣᠰᠴᠤ ᠬᠢᠨᠠᠨ ᠵᠥᠪᠯᠡᠪᠡ᠃      ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠤᠮᠤᠨ ᠳᠠᠷᠤᠭ᠎ᠠ ᠡᠷᠳᠡᠨᠢᠴᠢᠯᠠᠭᠤ  ᠨᠥᠬᠦᠷ ᠵᠠᠰᠠᠭ ᠤᠨ ᠣᠷᠳᠣᠨ ᠤ ᠢᠯᠡᠳᠬᠡᠯ ᠬᠢᠪᠡ      ᠬᠤᠷᠠᠯ ᠤᠨ ᠵᠥᠪᠯᠡᠬᠦ ᠵᠦᠢᠯ ᠢ ᠦᠨᠳᠦᠰᠦᠯᠡᠨ᠂ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠤᠮᠤᠨ ᠳᠠᠷᠤᠭ᠎ᠠ ᠡᠷᠳᠡᠨᠢᠴᠢᠯᠠᠭᠤ ᠨᠥᠬᠦᠷ ᠰᠤᠮᠤᠨ ᠤ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠃ ᠢᠯᠡᠳᠭᠡᠯ ᠳᠤ᠂ 2023 ᠣᠨ ᠠᠴᠠ ᠨᠠᠭᠠᠰᠢ᠂ ᠰᠠᠮᠠᠢ ᠰᠤᠮᠤ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠤᠳᠠᠭ᠎ᠠ ᠪᠦᠷᠢ ᠶᠢᠨ ᠪᠦᠬᠦᠳᠡ ᠬᠤᠷᠠᠯᠳᠤᠭᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ  ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠲᠠᠪᠤᠨ ᠶᠡᠭᠡ ᠡᠭᠦᠷᠭᠡ︾ ᠶᠢ ᠴᠢᠨᠠᠷ ᠰᠠᠶᠢᠲᠠᠢ ᠪᠡᠶᠡᠯᠡᠭᠦᠯᠬᠦ ᠪᠠ  ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ᠂ ᠨᠢᠭᠡ ᠵᠢᠯ ᠤᠨ ᠶᠡᠷᠦᠩᠬᠡᠢ ᠠᠵᠢᠯ ᠤᠨ ᠰᠡᠳᠬᠢᠴᠡ ᠪᠣᠯᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠪᠦᠬᠦ ᠬᠦᠴᠦᠨ ᠢᠶᠠᠷ ᠢᠶᠠᠨ ᠠᠵᠤ ᠦᠢᠯᠡᠰ ᠢ ᠬᠥᠭᠵᠢᠭᠦᠯᠵᠦ᠂ ᠰᠠᠭᠤᠷᠢ ᠶᠢ ᠪᠠᠲᠤᠳᠬᠠᠵᠤ᠂ ᠲᠦᠷᠢ ᠲᠥᠷᠬᠦ ᠶᠢ ᠱᠤᠭᠤᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠠᠶᠤᠯ ᠲᠦᠭᠰᠢᠭᠦᠷᠢ ᠶᠢ ᠰᠡᠷᠭᠡᠶᠢᠯᠡᠵᠦ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ ᠭᠡᠵᠦ ᠵᠢᠭᠠᠨ ᠭᠠᠷᠭᠠᠪᠠ᠃      ᠢᠯᠡᠳᠭᠡᠯ ᠳᠤ᠂ ᠰᠠᠮᠠᠢ ᠰᠤᠮᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠪᠦᠬᠦᠢ ᠨᠡᠶᠢᠭᠡᠮ  ᠵᠢᠷᠤᠮ ᠤᠨ ᠦᠵᠡᠯ ᠰᠠᠨᠠᠭ᠎ᠠ ᠪᠠᠷ  ᠵᠢᠯᠣᠭᠤᠳᠤᠯᠭ᠎ᠠ  ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠤᠳᠠᠭ᠎ᠠ ᠪᠦᠷᠢ ᠶᠢᠨ ᠪᠦᠬᠦᠳᠡ  ᠬᠤᠷᠠᠯᠳᠤᠭᠠᠨ  ᠤ  ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠠᠪᠤᠨ ᠶᠡᠭᠡ ᠡᠭᠦᠷᠭᠡ︾ ᠶᠢ ᠴᠢᠨᠠᠷ ᠰᠠᠶᠢᠲᠠᠢ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠳᠤ ᠬᠦᠴᠦ ᠪᠠᠨ ᠲᠥᠪᠯᠡᠷᠡᠭᠦᠯᠦᠨ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠰᠤᠮᠤᠨ ‍ᠤ‌‍ᠨ ᠨᠠᠮ ᠤᠨ ᠬᠤᠷᠢᠶᠠᠨ ᠤ ᠱᠠᠭᠠᠷᠳᠠᠯᠭ᠎ᠠ ᠲᠠᠢ ᠪᠦᠬᠦ ᠲᠠᠯ᠎ᠠ ᠪᠠᠷ ᠬᠠᠷᠭᠤᠭᠤᠯᠵᠤ᠂ ᠥᠷᠭᠡᠨ ᠤᠯᠠᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠠᠵᠠ ᠲᠣᠬᠢᠶᠠᠯ ᠢ ᠠᠳᠬᠠᠨ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠵᠢᠯ ᠬᠢᠬᠦ᠂ ᠳᠠᠪᠠᠭᠤᠯᠢᠭ ᠢᠶᠠᠨ ᠪᠠᠳᠠᠷᠠᠭᠤᠯᠬᠤ᠂ ᠢᠯᠠᠯᠲᠠ ᠶᠢᠨ ᠡᠷᠴᠢᠨ ᠳᠡᠭᠡᠷ᠎ᠡ ᠤᠷᠤᠭᠰᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠶᠤᠯᠭᠦᠢ ᠦᠢᠯᠡᠳᠪᠦᠷᠢᠯᠡᠯ᠂ ᠠᠵᠤ ᠦᠢᠯᠡᠰ ᠤᠨ ᠪᠦᠲᠦᠴᠡ ᠶᠢ ᠲᠤᠬᠢᠷᠠᠭᠤᠯᠬᠤ᠂ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠵᠦ᠂ ᠰᠠᠮᠠᠢ ᠰᠤᠮᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠩᠭᠠᠳᠬᠠᠪᠠ᠃      ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠪᠥᠬᠡᠭᠡᠷᠡᠯ ᠨᠥᠬᠦᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠮᠡᠳᠡᠭᠦᠯᠦᠯᠲᠡ  ᠬᠢᠪᠡ      ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ         ᠮᠡᠳᠡᠭᠦᠯᠦᠯᠲᠡ︾ ᠨᠢ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠬᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢ ᠲᠥᠷᠬᠦ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ᠂ 2023 ᠣᠨ ᠤ ᠠᠵᠢᠯ ᠢ ᠡᠷᠭᠢᠴᠡᠭᠦᠯᠬᠦ ᠶᠢᠨ ᠬᠠᠮᠲᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪ ᠤᠯᠤᠰ ᠲᠦᠷᠦ ᠶᠢᠨ ᠴᠢᠭᠯᠡᠯ ᠢ ᠦᠨᠡᠨ ᠬᠦ ᠳᠡᠭᠡᠭᠰᠢᠯᠡᠭᠦᠯᠬᠦ᠂ ᠬᠢᠨᠠᠯᠲᠠ ᠲᠠᠯᠪᠢᠬᠤ ᠠᠵᠢᠯ ᠤᠨ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠬᠦ᠂ ᠲᠥᠯᠥᠭᠡᠯᠡᠭᠴᠢᠳ ᠤᠨ ᠠᠵᠢᠯᠯᠠᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠬᠦ᠂ ᠲᠥᠯᠥᠭᠡᠯᠡᠭᠴᠢᠳ ᠤᠨ ᠦᠢᠯᠡᠳᠦᠯ ᠢ ᠪᠠᠳᠠᠷᠠᠭᠤᠯᠬᠤ᠂ ᠠᠵᠢᠯ ᠤᠨ ᠲᠦᠪᠰᠢᠨ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠬᠤᠶᠢᠰᠢᠳᠠ ᠶᠢᠨ ᠠᠵᠢᠯ ᠤᠨ ᠡᠭᠦᠷᠭᠡ ᠪᠣᠯᠭᠠᠬᠤ ᠶᠢ ᠪᠠᠲᠤᠯᠠᠪᠠ᠃        ᠵᠠᠰᠠᠭ ᠤᠨ ᠣᠷᠳᠣᠨ ᠤ ᠳᠡᠳ᠋ ᠰᠤᠮᠤᠨ ᠳᠠᠷᠤᠭ᠎ᠠ ᠦ᠋ ᠹᠧᠩ ᠰᠢ ᠨᠥᠬᠦᠷ  ᠠᠴᠠ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠲᠥᠷᠥᠯ ᠵᠦᠢᠯ ᠤᠨ ᠠᠵᠢᠯ ᠤᠨ ᠮᠡᠳᠡᠭᠦᠯᠦᠯᠲᠡ ᠪᠣᠯᠣᠨ ᠡᠳ᠋ ᠤᠨ ᠵᠠᠰᠠᠭ ᠤᠨ ᠲᠥᠰᠦᠪ ᠪᠠ ᠲᠥᠰᠦᠪ ᠢ  ᠭᠦᠢᠴᠡᠳᠬᠡᠭᠰᠡᠨ ᠪᠠᠶᠢᠳᠠᠯ ᠤᠨ ᠮᠡᠳᠡᠭᠦᠯᠦᠯᠲᠡ ᠬᠢᠪᠠ      ᠳᠤᠭᠤᠶᠢᠯᠠᠩ ᠬᠤᠪᠢᠶᠠᠨ ᠶᠠᠷᠢᠯᠴᠠᠬᠤ ᠬᠤᠷᠠᠯ ᠬᠤᠷᠠᠯᠳᠤᠭᠤᠯᠪᠠ      ᠬᠤᠶᠠᠷ ᠲᠥᠯᠥᠭᠡᠯᠡᠭᠴᠢᠳ ᠤᠨ ᠪᠦᠯᠬᠦᠮ ᠡᠯ᠎ᠡ ᠵᠦᠢᠯ ᠤᠨ ᠠᠵᠢᠯ ᠤᠨ ᠢᠯᠡᠳᠬᠡᠯ ᠪᠠ ᠶᠡᠭᠡ ᠬᠤᠷᠠᠯ ᠤᠨ ᠡᠯ᠎ᠡ ᠵᠦᠢᠯ ᠤᠨ ᠰᠢᠢᠳᠪᠦᠷᠢ ᠶᠢᠨ ᠲᠥᠰᠦᠯ ᠢ ᠶᠠᠷᠢᠯᠴᠠᠬᠤ ᠶᠢᠨ ᠬᠠᠮᠲᠤ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ  ᠂  ᠡᠯ᠎ᠡ ᠵᠦᠢᠯ ᠤᠨ ᠰᠠᠨᠠᠯ ᠵᠥᠪᠯᠡᠯᠭᠡ ᠶᠢ 5 ᠲᠥᠷᠥᠯ 25 ᠵᠤᠷᠪᠤᠰ ᠬᠤᠷᠢᠶᠠᠪᠠ᠃      ᠲᠡᠷᠢᠭᠦᠯᠡᠭᠴᠢᠳ ᠤᠨ ᠪᠦᠯᠬᠦᠮ ᠤᠨ ᠬᠤᠶᠠᠳᠤᠭᠠᠷ ᠤᠳᠠᠭᠠᠨ ᠤ ᠬᠤᠷᠠᠯᠳᠤᠭᠠᠨ      ᠡᠯ᠎ᠡ ᠳᠤᠭᠤᠶᠢᠯᠠᠩ ᠤᠨ ᠶᠠᠷᠢᠯᠴᠠᠬᠤ ᠲᠦᠷᠪᠡᠨ ᠠᠵᠢᠯ ᠤᠨ ᠮᠡᠳᠡᠭᠦᠯᠦᠯᠲᠡ ᠶᠢᠨ ᠪᠠᠶᠢᠳᠠᠯ ᠢ ᠰᠣᠨᠣᠰᠴᠤ᠂ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ᠂ ᠪᠢᠯᠧᠲ ᠪᠦᠷᠢᠳᠬᠡᠭᠴᠢ᠂ ᠪᠢᠯᠧᠲ ᠳᠠᠭᠤᠳᠠᠭᠴᠢ ᠶᠢᠨ ᠨᠡᠷᠡᠰ᠂ ᠡᠯ᠎ᠡ ᠵᠦᠢᠯ ᠤᠨ ᠰᠢᠢᠳᠪᠦᠷᠢ ᠵᠢᠴᠢ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠭᠰᠠᠨ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠪᠠ᠃      ᠬᠤᠶᠠᠳᠤᠭᠠᠷ ᠤᠳᠠᠭᠠᠨ ᠤ  ᠪᠥᠬᠦ ᠭᠡᠰᠢᠭᠦᠨ ᠤ ᠬᠤᠷᠠᠯ      ᠡᠯ᠎ᠡ ᠳᠤᠭᠤᠶᠢᠯᠠᠩ ᠤᠨ ᠶᠠᠷᠢᠯᠴᠠᠬᠤ ᠲᠦᠷᠪᠡᠨ ᠠᠵᠢᠯ ᠤᠨ ᠮᠡᠳᠡᠭᠦᠯᠦᠯᠲᠡ ᠶᠢᠨ ᠪᠠᠶᠢᠳᠠᠯ ᠢ ᠰᠣᠨᠣᠰᠴᠤ᠂ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ᠂ ᠪᠢᠯᠧᠲ ᠪᠦᠷᠢᠳᠬᠡᠭᠴᠢ᠂ ᠪᠢᠯᠧᠲ ᠳᠠᠭᠤᠳᠠᠬᠤ ᠨᠡᠷᠡᠰ ᠤᠨ ᠨᠡᠷᠡᠰ ︵ᠲᠥᠰᠦᠯ︶᠂ ᠲᠦᠷᠪᠡᠨ ᠮᠡᠳᠡᠭᠦᠯᠦᠯᠲᠡ ᠶᠢᠨ ᠰᠢᠢᠳᠪᠦᠷᠢ ︵ᠲᠥᠰᠦᠯ︶ ᠶᠢ ᠬᠢᠨᠠᠨ ᠵᠥᠪᠯᠡᠵᠦ ᠪᠠᠲᠤᠯᠠᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ  ᠵᠢᠱᠢᠭᠳᠡᠭᠰᠡᠨ  ᠲᠦᠷᠦᠯ ᠵᠦᠢᠯ ᠤᠨ ᠪᠠᠶᠢᠳᠠᠯ ᠢ ᠲᠠᠨᠢᠯᠴᠠᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠢᠯᠧᠲ ᠢᠶᠠᠷ ᠲᠤᠭᠳᠠᠭᠠᠪᠠ᠃      ᠲᠡᠷᠢᠭᠦᠯᠡᠭᠴᠢᠳ ᠤᠨ ᠪᠦᠯᠬᠦᠮ ᠤᠨ ᠠᠩᠬᠠᠳᠤᠭᠠᠷ  ᠤᠳᠠᠭᠠᠨ ᠤ ᠬᠤᠷᠠᠯᠳᠤᠭᠠᠨ      ᠠᠷᠠᠳ ᠤᠨ ᠠᠮᠢᠳᠤᠷᠠᠯ ᠤᠨ ᠪᠣᠳᠠᠲᠤ  ᠬᠡᠷᠡᠭ ᠤᠨ ᠲᠥᠷᠥᠯ ᠵᠦᠢᠯ ᠤᠨ ᠰᠣᠩᠭᠤᠭᠤᠯᠢ ᠶᠢᠨ ᠦᠷ᠎ᠡ ᠳ᠋ᠦᠩ ᠢ ᠨᠡᠶᠢᠲᠡᠯᠡᠵᠦ᠂ ᠡᠯ᠎ᠡ ᠵᠦᠢᠯ ᠤᠨ ᠰᠢᠢᠳᠪᠦᠷᠢ ︵ᠲᠥᠰᠦᠯ︶ ᠶᠢ ᠪᠠᠲᠤᠯᠠᠪᠠ᠃      ᠭᠤᠷᠪᠠᠳᠤᠭᠠᠷ  ᠤᠳᠠᠭᠠᠨ ᠤ  ᠪᠥᠬᠦ ᠭᠡᠰᠢᠭᠦᠨ ᠤ ᠬᠤᠷᠠᠯ      ᠲᠦᠷᠪᠡᠨ ᠮᠡᠳᠡᠭᠦᠯᠦᠯᠲᠡ ᠶᠢᠨ ᠰᠢᠢᠳᠪᠦᠷᠢ ᠶᠢ ᠬᠢᠨᠠᠨ ᠵᠥᠪᠯᠡᠵᠦ ᠪᠠᠲᠤᠯᠠᠵᠤ᠂ ᠠᠷᠠᠳ ᠤᠨ ᠠᠮᠢᠳᠤᠷᠠᠯ ᠤᠨ ᠪᠣᠳᠠᠲᠤ  ᠬᠡᠷᠡᠭ  ᠤᠨ ᠲᠦᠷᠦᠯ ᠵᠦᠢᠯ ᠤᠨ ᠰᠣᠩᠭᠤᠭᠤᠯᠢ ᠶᠢᠨ ᠦᠷ᠎ᠡ ᠳ᠋ᠦᠩ ᠢ ᠨᠡᠶᠢᠲᠡᠯᠡᠪᠡ᠃      ᠬᠤᠷᠠᠯ ᠲᠡᠭᠦᠰᠬᠦ ᠦᠶ᠎ᠡ ᠳᠤ᠂ ᠰᠤᠮᠤᠨ ᠤ ᠨᠠᠮ ᠤᠨ ᠬᠤᠷᠢᠶᠠᠨ ᠤ ᠱᠦᠵᠢ ᠰᠢᠷᠠᠶᠢᠪᠠᠨᠽᠡᠷ ᠨᠥᠬᠦᠷ  ᠶᠡᠭᠡ ᠬᠤᠷᠠᠯ ᠤᠨ ᠲᠡᠭᠦᠰ ᠠᠮᠵᠢᠯᠲᠠ ᠣᠯᠤᠭᠰᠠᠨ ᠳᠤ  ᠪᠠᠶᠠᠷ ᠬᠦᠷᠭᠡᠭᠰᠡᠨ ᠪᠥᠭᠡᠳ ᠬᠤᠶᠢᠰᠢᠳᠠ ᠶᠢᠨ ᠬᠡᠰᠡᠭ ᠬᠤᠭᠤᠴᠠᠭᠠᠨ ᠤ ᠠᠵᠢᠯ ᠢ ᠰᠠᠶᠢᠲᠤᠷ ᠬᠢᠬᠦ ᠶᠢᠨ ᠭᠤᠣᠯᠳᠠᠯᠭ᠎ᠠ ᠨᠢ ᠪᠤᠳᠠᠳᠤ ᠨᠠᠶᠢᠳᠠᠪᠤᠷᠢᠵᠢᠭᠤᠯᠬᠤ  ᠳᠤ ᠪᠣᠢ  ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠪᠦᠬᠦᠢ ᠨᠡᠶᠢᠭᠡᠮ  ᠵᠢᠷᠤᠮ  ᠤᠨ ᠦᠵᠡᠯ ᠰᠠᠨᠠᠭᠠᠨ ᠤ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠢᠯ ᠤᠨ ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠨᠡᠨ ᠬᠦ  ᠪᠣᠳᠠᠲᠠᠶ ᠠᠵᠢᠯᠯᠠᠵᠤ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠠᠷᠠᠳ ᠤᠨ ᠠᠮᠢᠳᠤᠷᠠᠯ ᠤᠨ ᠠᠰᠢᠭ ᠲᠤᠰᠠ ᠶᠢ ᠢᠯᠡᠭᠦᠬᠡᠨ ᠪᠣᠳᠣᠯᠬᠢᠯᠠᠵᠤ᠂ ᠠᠷᠠᠳ ᠤᠨ ᠠᠮᠢᠳᠤᠷᠠᠯ ᠤᠨ ᠵᠣᠪᠠᠨᠢᠯ ᠢ ᠢᠯᠡᠭᠦᠬᠡᠨ  ᠰᠢᠢᠳᠪᠦᠷᠢᠯᠡᠵᠦ᠂ ᠥᠷᠭᠡᠨ ᠣᠯᠠᠨ  ᠠᠷᠠᠳ ᠲᠦᠮᠡᠨ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠳᠤᠮᠳᠠ ᠨᠠᠩ ᠣᠯᠠᠨ ᠬᠦᠷᠲᠡᠮᠵᠢ ᠶᠢᠨ ᠲᠥᠷᠥᠭᠳᠡᠯ ᠪᠠ  ᠵᠢᠷᠭᠠᠯᠲᠤ  ᠲᠥᠷᠥᠭᠳᠡᠯ ᠣᠯᠭᠤᠵᠤ᠂ ᠰᠠᠮᠠᠶ ᠰᠤᠮᠤ ᠶᠢ ᠨᠠᠩ ᠰᠠᠶᠢᠨ ᠰᠠᠶᠢᠬᠠᠨ ᠪᠣᠯᠭᠠᠨ ᠪᠥᠲᠥᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ ᠭᠡᠵᠦ  ᠶᠠᠷᠢᠶ᠎ᠠ ᠲᠠᠯᠪᠢᠪᠠ︕
 
ᠢᠷᠡᠯᠲᠡ᠄ ᠰᠠᠮᠠᠢ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号