ᠰᠠᠮᠠᠢ ᠰᠤᠮᠤ ᠨᠢ ᠳᠤᠮᠳᠠᠳᠤ ᠶᠢᠨ ᠦᠨᠳᠦᠰᠦᠲᠡᠨ  ᠤ  ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ  ᠴᠣᠭᠴᠠᠯᠠᠬᠤ ᠵᠢᠴᠢ ᠲᠥᠯᠥᠭᠡᠯᠡᠭᠴᠢᠳ ᠤᠨ ᠡᠭᠦᠷᠭᠡ  ᠲᠤᠰᠢᠶᠠᠯ  ᠪᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ  ᠪᠣᠯᠪᠠᠰᠤᠷᠠᠭᠤᠯᠤᠯ  ᠥᠷᠨᠢᠭᠦᠯᠪᠡ
ᠨᠡᠶᠢᠲᠡᠯᠡᠭᠰᠡᠨ ᠴᠠᠭ᠄
2024/5/23
      ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠤᠬᠠᠮᠰᠠᠷ ᠪᠠ ᠬᠠᠷᠢᠭᠤᠴᠠᠯᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠥᠯᠥᠭᠡᠯᠡᠭᠴᠢᠳ ᠤᠨ ᠣᠯᠠᠨ ᠲᠦᠮᠡᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠶᠢᠨ  ᠦᠢᠯᠡᠳᠦᠯ  ᠢ  ᠭᠦᠢᠴᠡᠳ ᠪᠠᠳᠠᠷᠠᠭᠤᠯᠤᠨ᠂ ᠲᠥᠯᠥᠭᠡᠯᠡᠭᠴᠢᠳ ᠤᠨ ᠡᠭᠦᠷᠭᠡ ᠬᠠᠷᠢᠭᠤᠴᠠᠯᠭ᠎ᠠ ᠪᠠᠨ  ᠭᠦᠢᠴᠡᠳᠬᠡᠬᠦ  ᠴᠢᠳᠠᠪᠤᠷᠢ ᠪᠠ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ ᠣᠨᠣᠯ ᠤᠨ ᠰᠠᠭᠤᠷᠢ ᠶᠢ ᠰᠠᠶᠢᠲᠤᠷ ᠲᠠᠯᠪᠢᠬᠤ ᠶᠢᠨ ᠲᠥᠯᠥᠭᠡ᠂ 4 ᠰᠠᠷ᠎ᠠ ᠶᠢᠨ 26 ᠤ ᠡᠳᠦᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ  ᠵᠢᠴᠢ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ  ᠭᠦᠢᠴᠡᠳᠬᠡᠬᠦ ᠴᠢᠳᠠᠪᠤᠷᠢ ᠶᠢᠨ ᠪᠣᠯᠪᠠᠰᠤᠷᠠᠭᠤᠯᠤᠯ ᠢ ᠥᠷᠨᠢᠭᠦᠯᠵᠦ᠂ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠪᠣᠯᠪᠠᠰᠤᠷᠠᠭᠤᠯᠤᠯ  ᠢ ᠡᠷᠬᠢᠯᠡᠵᠦ᠂  39ᠨᠡᠷ᠎ᠡ  ᠲᠥᠯᠥᠭᠡᠯᠡᠭᠴᠢᠳ  ᠣᠷᠣᠯᠴᠠᠪᠠ᠃      ᠪᠣᠯᠪᠠᠰᠤᠷᠠᠭᠤᠯᠤᠯ ᠳᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠪᠦᠬᠡᠭᠡᠷᠡᠯ ᠨᠥᠬᠦᠷ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠴᠢᠨᠠᠷ ᠰᠠᠶᠢᠲᠠᠢ ᠠᠬᠢᠭᠤᠯᠵᠤ᠂ ᠰᠡᠳᠬᠢᠯ ᠲᠠᠯᠪᠢᠨ᠂ ᠬᠠᠶᠢᠷ᠎ᠠ ᠰᠡᠳᠬᠢᠯᠭᠡ ᠪᠠᠷ ᠢᠶᠠᠨ ᠬᠦᠴᠦᠯᠡᠵᠦ᠂ ᠦᠨᠳᠦᠰᠦᠲᠡᠨ ᠤ ᠪᠦᠯᠬᠦᠮᠳᠡᠯ ᠪᠣᠯᠤᠨ ᠢᠷᠠᠭᠤ ᠬᠠᠭᠤᠳᠠᠰᠤ ᠶᠢ ᠬᠠᠩᠭᠢᠨᠠᠭᠤᠯᠬᠤ ᠪᠠᠷ ᠭᠤᠣᠯ ᠰᠡᠳᠦᠪ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠰᠢᠨᠵᠢᠯᠡᠬᠦ ᠤᠬᠠᠭᠠᠨᠴᠢ ᠠᠭᠤᠯᠤᠭᠳᠠᠬᠤᠨ ᠢ ᠪᠦᠬᠦ ᠲᠠᠯ᠎ᠠ ᠪᠠᠷ ᠣᠨᠣᠪᠴᠢᠲᠠᠢ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠡᠵᠡᠮᠳᠡᠵᠦ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠠᠵᠢᠯ ᠢ ᠬᠦᠴᠦᠯᠡᠨ ᠰᠠᠶᠢᠲᠤᠷ ᠬᠢᠵᠦ᠂ ᠤᠯᠠᠨ ᠲᠦᠮᠡᠨ ᠤ ᠬᠦᠰᠡᠯ ᠡᠷᠡᠮᠡᠯᠵᠡᠯ ᠤᠨ ᠵᠦᠢᠯᠡᠰ ᠢ ᠬᠠᠶᠢᠷ᠎ᠠ ᠰᠡᠳᠬᠢᠯᠭᠡ ᠲᠠᠢ ᠪᠠᠷ ᠰᠠᠶᠢᠲᠤᠷ ᠬᠢᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯ ᠢ ᠰᠡᠳᠬᠢᠯ ᠲᠠᠯᠪᠢᠨ ᠰᠠᠶᠢᠲᠤᠷ ᠬᠢᠬᠦ ᠵᠡᠷᠭᠡ ᠭᠤᠷᠪᠠᠨ ᠲᠠᠯ᠎ᠠ ᠠᠴᠠ ᠶᠠᠭᠤ  ᠪᠣᠯᠬᠤ᠂ ᠶᠠᠭᠤᠨ ᠳᠤ ᠪᠣᠯᠬᠤ᠂ ᠬᠡᠷᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠵᠡᠷᠭᠡ ᠭᠤᠷᠪᠠᠨ ᠲᠠᠯ᠎ᠠ ᠪᠠᠷ ᠭᠦᠨᠵᠡᠭᠡᠢ ᠪᠥᠭᠡᠳ ᠣᠶᠢᠯᠠᠭᠠᠮᠵᠢᠲᠠᠢ ᠲᠣᠳᠣᠷᠬᠠᠶᠢᠯᠠᠨ ᠥᠭᠦᠯᠡᠪᠡ᠃      ᠳᠠᠷᠠᠭ᠎ᠠ ᠨᠢ ︽ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ  ᠭᠦᠢᠴᠡᠳᠬᠡᠵᠦ ᠬᠤᠪᠢ ᠬᠤᠷᠠᠮᠳᠤᠭᠤᠯᠬᠤ ᠳᠦᠷᠢᠮ ᠤᠨ ᠬᠠᠮᠢᠶᠠᠷᠤᠯᠲᠠ ᠶᠢᠨ ᠠᠷᠭ᠎ᠠ︾ ᠶᠢ ᠤᠯᠠᠮᠵᠢᠯᠠᠵᠤ᠂ ᠰᠠᠮᠠᠢ  ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ  ᠭᠦᠢᠴᠡᠳᠬᠡᠵᠦ  ᠬᠤᠪᠢ ᠬᠤᠷᠠᠮᠳᠤᠭᠤᠯᠬᠤ ᠬᠠᠮᠢᠶᠠᠷᠤᠯᠲᠠ ᠶᠢᠨ ᠵᠠᠭᠪᠤᠷ ᠲᠤ ᠲᠠᠶᠢᠯᠤᠮᠵᠢ ᠬᠢᠵᠦ᠂ ᠠᠷᠠᠳ ᠤᠨ ᠲᠥᠯᠥᠭᠡᠯᠡᠭᠴᠢᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠲᠥᠯᠥᠭᠡᠯᠡᠭᠴᠢᠳ ᠤᠨ ᠤᠯᠠᠨ ᠲᠦᠮᠡᠨ ᠲᠠᠢ ᠨᠢᠭᠲᠠ ᠬᠠᠷᠢᠯᠴᠠᠬᠤ ᠭᠤᠤᠯ ᠴᠣᠭᠴᠠ ᠶᠢᠨ ᠦᠢᠯᠡᠳᠦᠯ ᠢ ᠭᠦᠢᠴᠡᠳ  ᠪᠠᠳᠠᠷᠠᠭᠤᠯᠵᠤ᠂ ᠰᠠᠮᠠᠢ ᠰᠤᠮᠤᠨ ᠤ ᠠᠷᠠᠳ ᠤᠨ ᠲᠥᠯᠥᠭᠡᠯᠡᠭᠴᠢᠳ  ᠬᠠᠤᠯᠢ ᠶᠣᠰᠣᠭᠠᠷ  ᠡᠷᠬᠡ ᠲᠤᠰᠢᠶᠠᠯ ᠢᠶᠠᠨ ᠬᠡᠷᠡᠭᠵᠢᠭᠦᠯᠬᠦ ᠶᠢ ᠪᠠᠲᠤᠯᠠᠵᠤ᠂ ᠡᠭᠦᠷᠭᠡ ᠲᠤᠰᠢᠶᠠᠯ ᠢᠶᠠᠨ ᠭᠦᠶ᠋ᠴᠡᠳᠬᠡᠬᠦ ᠦᠢᠯᠡ ᠠᠵᠢᠯᠯᠠᠭ᠎ᠠ ᠪᠠᠨ ᠵᠢᠷᠤᠮᠵᠢᠭᠤᠯᠤᠨ᠂  ᠡᠭᠦᠷᠭᠡ ᠲᠤᠰᠢᠶᠠᠯ  ᠪᠠᠨ  ᠭᠦᠢᠴᠡᠳᠬᠡᠬᠦ ᠠᠮᠵᠢᠯᠲᠠ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠶ ᠭᠡᠵᠦ  ᠵᠢᠭᠠᠨ ᠭᠠᠷᠭᠠᠪᠠ᠃      ᠠᠷᠠᠳ ᠤᠨ ᠲᠥᠯᠥᠭᠡᠯᠡᠭᠴᠢᠳ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠳᠤᠯᠤᠨ ᠨᠠᠷᠢᠨ ᠣᠶᠢᠯᠠᠭᠠᠵᠤ᠂ ᠥᠨᠳᠥᠷ ᠵᠣᠭᠰᠣᠴᠠ ᠠᠴᠠ ᠡᠵᠡᠮᠳᠡᠵᠦ᠂ ᠰᠢᠰᠲ᠋ᠧᠮᠲᠦ ᠴᠢᠨᠠᠷᠲᠠᠢ ᠪᠠᠷ        ᠡᠵᠡᠮᠳᠡᠵᠦ᠂ ᠨᠠᠶᠢᠳᠠᠪᠤᠷᠢᠵᠢᠭᠤᠯᠬᠤ ᠳᠤᠮᠳᠠ ᠪᠠᠨ ᠡᠵᠡᠮᠳᠡᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠨᠠᠶᠢᠳᠠᠯᠭ᠎ᠠ ᠶᠢ ᠦᠨᠡᠨ ᠬᠦ ᠰᠡᠳᠬᠢᠯ ᠳᠡᠭᠡᠨ ᠰᠢᠩᠭᠡᠭᠡᠵᠦ᠂ ᠠᠵᠢᠯᠯᠠᠭ᠎ᠠ ᠳᠠᠭᠠᠨ ᠢᠯᠡᠷᠡᠭᠦᠯᠵᠦ᠂ ᠪᠣᠳᠠᠲᠠᠢ ᠦᠢᠯᠡᠳᠦᠯᠭᠡ ᠪᠣᠯᠭᠠᠬᠤ ᠬᠡᠷᠡᠭᠲᠡᠢ᠃ ᠦᠢᠯᠡᠳᠪᠦᠷᠢᠯᠡᠯ ᠠᠮᠢᠳᠤᠷᠠᠯ᠂ ᠠᠵᠢᠯ ᠰᠤᠷᠤᠯᠴᠠᠯᠭ᠎ᠠ ᠶᠢᠨ ᠳᠤᠮᠳᠠ ᠬᠠᠷᠢᠯᠴᠠᠨ ᠣᠶᠢᠯᠠᠭᠠᠵᠤ᠂ ᠬᠠᠷᠢᠯᠴᠠᠨ ᠬᠦᠨᠳᠦᠳᠬᠡᠵᠦ᠂ ᠬᠠᠷᠢᠯᠴᠠᠨ ᠪᠠᠭᠲᠠᠭᠠᠵᠤ᠂ ᠬᠠᠷᠢᠯᠴᠠᠨ ᠪᠠᠭ᠋ᠠᠷᠬᠠᠵᠤ᠂ ᠬᠠᠮᠲᠤ ᠪᠠᠷ ᠣᠷᠣᠰᠢᠨ ᠰᠠᠭᠤᠬᠤ᠂ ᠬᠠᠮᠲᠤ ᠪᠠᠷ ᠰᠤᠷᠤᠯᠴᠠᠬᠤ᠂ ᠬᠠᠮᠲᠤ ᠪᠠᠷ ᠠᠵᠢᠯᠯᠠᠬᠤ᠂ ᠬᠠᠮᠲᠤ ᠪᠠᠷ  ᠵᠢᠷᠭᠠᠬᠤ  ᠨᠡᠶᠢᠭᠡᠮ ᠤᠨ ᠨᠥᠬᠦᠴᠡᠯ ᠢ ᠴᠢᠷᠮᠠᠶᠢᠨ ᠡᠭᠦᠳᠴᠦ᠂ ᠪᠥᠬᠦ ᠬᠤᠰᠢᠭᠤᠨ ᠤ ᠨᠠᠮ ᠤᠨ ᠭᠡᠰᠢᠭᠦᠨ᠂ ᠲᠥᠯᠥᠭᠡᠯᠡᠭᠴᠢ᠂ ᠮᠠᠯᠴᠢᠨ ᠲᠦᠮᠡᠨ ᠤ ᠡᠶ᠎ᠡ ᠨᠠᠶᠢᠷᠲᠠᠶ ᠬᠠᠮᠲᠤ ᠣᠷᠣᠰᠢᠬᠤ ᠰᠠᠶᠢᠨ ᠰᠠᠶᠢᠬᠠᠨ ᠪᠠᠶᠢᠳᠠᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠶ ᠭᠡᠵᠦ ᠴᠢᠩᠭᠠᠳᠬᠠᠪᠠ᠃
 
ᠢᠷᠡᠯᠲᠡ᠄ ᠰᠠᠮᠠᠢ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号