︿︿ᠡᠷᠲᠡ ᠶᠢᠨ ᠴᠠᠭᠠᠨ﹀﹀ ᠤᠳᠬ᠎ᠠ ᠤᠷᠠᠯᠢᠭ ᠤᠨ ᠨᠡᠶᠢᠭᠡᠮᠯᠢᠭ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/5/24
      4 ᠰᠠᠷ᠎ᠠ ᠶᠢᠨ 23 ᠤ ᠡᠳᠦᠷ᠂ ᠮᠠᠨ ᠤ ᠬᠤᠰᠢᠭᠤᠨ ᠤ ︿︿ᠡᠷᠲᠡ ᠶᠢᠨ ᠴᠠᠭᠠᠨ﹀﹀ ᠤᠳᠬ᠎ᠠ ᠤᠷᠠᠯᠢᠭ  ᠤᠨ ᠨᠡᠶᠢᠭᠡᠮᠯᠢᠭ ᠨᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠦᠶᠯᠡᠴᠢᠯᠡᠭᠡᠨ ᠤ ᠲᠥᠪ᠂ ᠮᠠᠨ ᠤ ᠬᠤᠰᠢᠭᠤᠨ ᠤ ᠬᠤᠪᠢᠰᠬᠠᠯᠲᠤ ᠤᠳᠤᠮᠰᠢᠯ ᠢ ᠤᠯᠠᠮᠵᠢᠯᠠᠨ ᠵᠠᠯᠭᠠᠮᠵᠢᠯᠠᠬᠤ ᠰᠠᠶᠢᠨ ᠳᠤᠷᠠᠴᠤᠳ ᠤᠨ ᠨᠡᠶᠢᠭᠡᠮᠯᠢᠭ ᠤᠨ ᠨᠠᠮ ᠤᠨ ᠡᠭᠦᠷ᠂ ᠣᠷᠳᠣ ᠶᠢᠨ  ᠳᠠᠭᠤᠨ ᠤ ᠨᠡᠶᠢᠭᠡᠮᠯᠢᠭ ᠲᠠᠢ ᠬᠠᠮᠲᠤᠷᠠᠨ ︿︿ᠤᠩᠰᠢᠯᠭ᠎ᠠ ᠶᠢᠨ ᠴᠠᠭ ᠮᠦᠴᠡ ᠶᠢ ᠬᠠᠮᠲᠤ ᠪᠠᠷ ᠬᠤᠪᠢᠶᠠᠯᠴᠠᠵᠤ᠂ ᠨᠣᠮ ᠪᠢᠴᠢᠭ ᠤᠨ ᠰᠣᠷᠪᠤᠯᠵᠢᠲᠤ ᠰᠣᠶᠤᠯ ᠢ ᠤᠯᠠᠮᠵᠢᠯᠠᠨ ᠵᠠᠯᠭᠠᠮᠵᠢᠯᠠᠬᠤ﹀﹀ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ  ᠃      ᠲᠤᠬᠠᠢ ᠶᠢᠨ ᠲᠠᠯᠠᠪᠠᠢ ᠳᠤ᠂ ᠨᠡᠶᠢᠭᠡᠮᠯᠢᠭ ᠤᠨ ᠪᠦᠬᠦ ᠭᠡᠰᠢᠭᠦᠨ ᠮᠠᠨᠳᠤᠬᠤ ᠨᠡᠶᠢᠭᠡᠮ ᠲᠣᠭᠤᠷᠢᠭ ᠤᠨ ︿︿ᠡᠵᠢ ᠨᠠᠭᠤᠷ ᠤᠨ ᠬᠥᠪᠡᠭᠡᠨ ᠳᠠᠬᠢ ᠬᠤᠪᠢᠰᠬᠠᠯᠲᠤ ᠳᠤᠷᠠᠰᠤᠮᠵᠢ ᠶᠢᠨ ᠦᠵᠡᠭᠦᠯᠭᠡ﹀﹀ ᠶᠢ ᠲᠣᠭᠤᠷᠢᠨ ᠦᠵᠡᠵᠦ᠂ ᠲᠠᠶᠢᠯᠪᠤᠷᠢᠯᠠᠭᠴᠢ ᠶᠢᠨ ᠳᠠᠭᠠᠭᠤᠯᠭ᠎ᠠ ᠪᠠᠷ᠂ ᠪᠦᠬᠦ ᠬᠥᠮᠦᠰ ᠶᠡᠭᠡ ᠬᠡᠮᠵᠢᠶᠡᠨ ᠤ ᠭᠡᠷᠡᠯ ᠵᠢᠷᠤᠭ᠂ ᠰᠤᠷᠪᠤᠯᠵᠢ ᠪᠢᠴᠢᠭ᠂ ᠡᠳ᠋ ᠪᠣᠳᠠᠰ ᠵᠡᠷᠭᠡ ᠲᠡᠦᠬᠡᠨ ᠪᠣᠳᠠᠲᠤ ᠮᠠᠲ᠋ᠧᠷᠢᠶᠠᠯ ᠢᠶᠠᠷ ᠳᠠᠮᠵᠢᠨ ᠬᠤᠪᠢᠰᠬᠠᠯ ᠤᠨ ᠠᠬᠠᠮᠠᠳ ᠦᠶ᠎ᠡ ᠶᠢᠨ ᠢᠷᠠᠭᠤ ᠠᠯᠳᠠᠷᠲᠤ ᠲᠡᠦᠬᠡ ᠵᠢᠴᠢ ᠬᠤᠪᠢᠰᠬᠠᠯ ᠤᠨ ᠦᠯᠢᠭᠡᠷ ᠢ ᠪᠦᠬᠦ ᠲᠠᠯ᠎ᠠ ᠪᠠᠷ ᠣᠶᠢᠯᠠᠭᠠᠪᠠ  ᠃      ᠠᠵᠢᠯᠯᠠᠭ᠎ᠠ ᠳᠤ᠂ ︿︿ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ  ᠤᠨ ︿ᠪᠥᠬᠦ ᠨᠠᠮ ᠤᠨ ᠳᠣᠲᠣᠷ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠶ ᠮᠡᠳᠡᠭᠳᠡᠯ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ﹀﹀ ᠤᠨ ᠵᠣᠷᠢᠭ ᠰᠠᠨᠠᠭ᠎ᠠ ᠶᠢ ᠬᠠᠮᠲᠤ ᠪᠠᠷ ᠰᠤᠷᠤᠯᠴᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠶᠡᠷᠦᠩᠬᠡᠶ ᠡᠭᠦᠷ ᠤᠨ ᠭᠠᠷ ᠤᠷᠠᠯᠠᠯ ᠤᠨ ᠦᠵᠡᠰᠬᠦᠯᠡᠩ ᠤᠨ ᠲᠠᠰᠤᠭ ᠵᠢᠴᠢ ᠨᠣᠮ ᠤᠩᠰᠢᠬᠤ ᠲᠠᠰᠤᠭ ᠢ ᠲᠣᠭᠤᠷᠢᠨ ᠦᠵᠡᠭᠰᠡᠨ ᠪᠥᠭᠡᠳ ᠨᠣᠮ ᠤᠩᠰᠢᠬᠤ ᠶᠢ ᠬᠠᠮᠲᠤ ᠪᠠᠷ ᠡᠳ᠋ᠯᠡᠬᠦ ᠠᠵᠢᠯᠯᠠᠭ᠎ᠠ ᠥᠷᠨᠢᠭᠦᠯᠪᠡ  ᠃      ᠲᠣᠭᠤᠷᠢᠨ ᠦᠵᠡᠵᠦ ᠰᠤᠷᠤᠯᠴᠠᠭᠰᠠᠨ ᠤ ᠳᠠᠷᠠᠭ᠎ᠠ᠂ ︿︿ᠡᠷᠲᠡ ᠶᠢᠨ ᠴᠠᠭᠠᠨ﹀﹀ ᠤᠳᠬ᠎ᠠ ᠤᠷᠠᠯᠢᠭ ᠤᠨ ᠨᠡᠶᠢᠭᠡᠮᠯᠢᠭ ᠤᠨ ᠭᠡᠰᠢᠭᠦᠳ ᠣᠯᠠᠨ ᠳᠤ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠰᠣᠨᠢᠷᠬᠠᠭᠤᠯᠪᠠ᠃      ᠲᠤᠰ ᠤᠳᠠᠭ᠎ᠠ ᠶᠢᠨ ᠠᠵᠢᠯᠯᠠᠭ᠎ᠠ ᠨᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠣᠮ ᠤᠩᠰᠢᠬᠤ ᠡᠳᠦᠷ ᠲᠠᠢ ᠨᠢᠭᠲᠠ ᠤᠶᠠᠯᠳᠤᠭᠤᠯᠵᠤ᠂ ᠤᠩᠰᠢᠯᠭ᠎ᠠ ᠶᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠨᠠᠮ ᠤᠨ ᠭᠡᠰᠢᠭᠦᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠲᠠᠢ ᠣᠷᠭᠠᠨᠢᠭ ᠢᠶᠠᠷ ᠠᠭᠤᠰᠤᠯᠴᠠᠭᠤᠯᠵᠤ᠂ ᠨᠠᠮ ᠤᠨ ᠭᠡᠰᠢᠭᠦᠨ ᠢ ᠪᠦᠲᠦᠮᠵᠢᠲᠡᠢ ᠬᠦᠲᠦᠯᠦᠨ ᠵᠢᠯᠣᠭᠤᠳᠴᠤ ᠪᠠᠶᠢᠭᠠᠳ ᠠᠷᠢᠭᠤᠨ ᠴᠢᠬᠡᠴᠢ ᠶᠢᠨ ᠰᠠᠬᠢᠯᠭ᠎ᠠ ᠪᠠᠲᠤ ᠶᠢ ᠰᠡᠳᠬᠢᠯ ᠳᠡᠭᠡᠨ ᠬᠠᠳᠠᠩᠰᠢᠭᠤᠯᠵᠤ᠂ ᠨᠠᠮ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠶᠢ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ︿︿ᠰᠢᠷᠭᠠᠭᠤ ᠬᠠᠲᠠᠭᠤᠵᠢᠯᠲᠠᠢ ᠪᠠᠷ ᠨᠣᠮ ᠤᠩᠰᠢᠬᠤ᠂ ᠰᠠᠶᠢᠨ ᠨᠣᠮ ᠤᠩᠰᠢᠬᠤ᠂ ᠰᠠᠶᠢᠨ ᠨᠣᠮ ᠠᠰᠢᠭᠯᠠᠬᠤ﹀﹀ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号