ᠪᠦᠬᠦ ᠬᠤᠰᠢᠭᠤᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/24
      4 ᠰᠠᠷ᠎ᠠ ᠶᠢᠨ 24 ᠤ ᠡᠳᠦᠷ᠂ ᠮᠠᠨ ᠤ ᠬᠤᠰᠢᠭᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃      ᠨᠡᠶᠢᠭᠡᠮ ᠤᠨ ᠦᠨᠡᠨᠴᠢ ᠢᠲᠡᠭᠡᠮᠵᠢ ᠶᠢᠨ ᠬᠦᠷᠢᠶ᠎ᠡ ᠴᠠᠷ᠎ᠠ ᠶᠢᠨ ᠲᠤᠰᠬᠠᠶ ᠲᠥᠷᠥᠯ ᠤᠨ ᠳᠤᠭᠤᠶᠢᠯᠠᠩ ᠤᠨ ᠳᠠᠷᠤᠭ᠎ᠠ᠂ ᠤᠬᠠᠭᠤᠯᠬᠤ ᠬᠡᠯᠲᠡᠰ ᠤᠨ ᠳᠠᠷᠤᠭ᠎ᠠ ᠰᠠᠷᠠᠭᠤᠯᠲᠤᠶᠠᠭ᠎ᠠ᠂ ᠬᠠᠤᠯᠢ ᠴᠠᠭᠠᠵᠠ ᠶᠢᠨ ᠨᠡᠶᠢᠲᠡ ᠶᠢᠨ ᠦᠨᠡᠨᠴᠢ ᠢᠲᠡᠭᠡᠮᠵᠢ ᠶᠢᠨ ᠬᠦᠷᠢᠶ᠎ᠡ ᠴᠠᠷ᠎ᠠ ᠶᠢᠨ ᠲᠤᠰᠬᠠᠶ ᠲᠥᠷᠥᠯ ᠤᠨ ᠳᠤᠭᠤᠶᠢᠯᠠᠩ ᠤᠨ ᠳᠠᠷᠤᠭ᠎ᠠ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠪᠥᠬᠡ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠬᠦᠷᠢᠶ᠎ᠡ ᠴᠠᠷ᠎ᠠ ᠶᠢᠨ ᠲᠤᠰᠬᠠᠶ ᠲᠥᠷᠥᠯ ᠤᠨ ᠳᠤᠭᠤᠶᠢᠯᠠᠩ ᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠺᠧ ᠰᠢᠶᠤᠤ ᠮᠢᠩ ᠪᠤᠯᠤᠨ ᠬᠤᠰᠢᠭᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠤᠨ ᠲᠤᠰᠬᠠᠶ ᠠᠩᠭᠢ ᠶᠢᠨ ᠠᠯᠪᠠᠨ ᠬᠡᠷ ᠤᠨ ᠡᠷᠬᠢᠯᠡᠭᠴᠢ᠂ ᠬᠤᠰᠢᠭᠤ ᠬᠠᠤᠯᠢ ᠴᠠᠭᠠᠵᠠ ᠶᠢᠨ ᠲᠣᠪᠴᠢᠶ᠎ᠠ  ᠶᠢᠨ ᠳᠠᠷᠤᠭ᠎ᠠ ᠪᠥᠬᠡ ᠬᠤᠷᠠᠯ ᠢ ᠡᠷᠬᠢᠯᠡᠵᠠᠢ᠃      ᠬᠤᠷᠠᠯ ᠳᠤ᠂ ᠡᠯ᠎ᠡ ᠲᠤᠰᠬᠠᠶ ᠠᠬᠢᠭᠤᠯᠬᠤ ᠳᠤᠭᠤᠶᠢᠯᠠᠩ ᠠᠴᠠ ᠠᠵᠢᠯ ᠢᠶᠠᠨ ᠥᠷᠨᠢᠭᠦᠯᠦᠭᠰᠡᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠪᠣᠯᠤᠨ ᠲᠠᠷᠠᠭᠠᠴᠢ ᠶᠢᠨ ᠠᠯᠬᠤᠮ ᠤᠨ ᠲᠥᠯᠥᠪᠯᠡᠭᠡ ᠶᠢᠨ ᠲᠤᠬᠠᠶ ᠨᠠᠷᠢᠨ ᠮᠡᠳᠡᠭᠦᠯᠦᠯᠲᠡ ᠬᠢᠪᠠ᠃      ᠬᠤᠷᠠᠯ ᠠᠴᠠ ᠱᠠᠭᠠᠷᠳᠠᠬᠤ ᠳᠠᠭᠠᠨ᠂ ᠦᠵᠡᠯ ᠰᠠᠨᠠᠭ᠎ᠠ ᠪᠠᠨ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠵᠦ᠂ ᠡᠯ᠎ᠡ ᠲᠤᠰᠬᠠᠶ ᠠᠵᠢᠯ ᠤᠨ ᠳᠤᠭᠤᠶᠢᠯᠠᠩ ᠤᠨ ᠬᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠵᠣᠬᠢᠴᠠᠭᠤᠯᠤᠨ ᠬᠠᠮᠵᠢᠯᠴᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠬᠦᠴᠦᠷᠬᠡᠭ ᠶᠡᠭᠡ ᠬᠠᠮᠲᠤᠷᠠᠭᠰᠠᠨ ᠬᠦᠴᠦᠨ ᠢ ᠬᠦᠴᠦᠯᠡᠨ ᠪᠦᠷᠢᠯᠳᠦᠭᠦᠯᠬᠦ ᠬᠡᠷᠡᠭᠲᠡᠶ᠃ ᠠᠵᠢᠯ ᠤᠨ ᠬᠢᠯᠠᠰ ᠴᠡᠭ ᠪᠣᠯᠤᠨ ᠨᠡᠶᠢᠲᠡᠯᠢᠭ ᠬᠡᠷᠡᠭ ᠤᠨ ᠵᠢᠱᠢᠶ᠎ᠡ ᠶᠢ ᠭᠦᠨᠵᠡᠭᠡᠶ ᠠᠭᠤᠳᠠᠯᠵᠤ᠂ ᠤᠬᠠᠭᠤᠯᠭ᠎ᠠ ᠶᠢᠨ ᠠᠵᠢᠯ ᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠪᠥᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠶ᠃ ᠲᠣᠬᠢᠷᠠᠭᠤᠯᠤᠯᠲᠠ ᠶᠢᠨ ᠳᠠᠭᠠᠤ ᠠᠵᠢᠯ ᠡᠭᠦᠷᠭᠡ ᠪᠠᠨ ᠬᠢᠨᠠᠮᠠᠭᠠᠢ ᠳᠢᠭᠯᠡᠵᠦ ᠬᠠᠮᠢᠶ᠎ᠠ ᠪᠥᠬᠦᠶ ᠮᠠᠲ᠋ᠧᠷᠢᠶᠠᠯ ᠢ ᠮᠡᠳᠡᠭᠦᠯᠦᠨ ᠬᠦᠷᠭᠡᠵᠦ᠂ ᠡᠯ᠎ᠡ ᠵᠦᠶᠯ ᠤᠨ ᠡᠭᠦᠷᠭᠡ ᠶᠢ ᠴᠠᠭ ᠲᠤᠬᠠᠶ ᠳᠤ ᠨᠢ ᠨᠠᠷᠢᠯᠢᠭ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ ᠭᠡᠵᠡᠢ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号