ᠪᠤᠯᠪᠠᠰᠤᠨ ᠬᠡᠪ ᠰᠤᠷᠳᠠᠯ ᠢᠶᠠᠷ ᠬᠦᠮᠤᠰ ᠤᠨ ᠰᠡᠳᠬᠢᠯ ᠢ ᠤᠮᠳᠠᠯᠠᠨ᠂ ᠬᠡᠪᠰᠢᠮᠡᠯ ᠵᠠᠩ ᠲᠠᠳᠬᠠᠯ ᠢᠶᠠᠨ ᠦᠭᠡᠷᠡᠴᠢᠯᠡᠬᠦ ᠠᠵᠢᠯ ᠢᠯᠡᠳᠳᠡ ᠦᠷ᠎ᠡ ᠪᠦᠳᠤᠮᠵᠢ ᠲᠠᠢ ᠪᠤᠯᠪᠡ
ᠨᠡᠶᠢᠲᠡᠯᠡᠭᠰᠡᠨ ᠴᠠᠭ᠄
2024/5/24
      ᠬᠠᠳᠠᠪᠴᠢ ᠪᠠᠯᠭᠠᠰᠤ ᠬᠡᠪᠰᠢᠮᠡᠯ ᠵᠠᠩ ᠳᠠᠳᠬᠠᠯ ᠢ ᠥᠭᠡᠷᠡᠴᠢᠯᠡᠬᠦ ᠶᠢ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠴᠢᠬᠤᠯᠠ ᠠᠴᠢᠶᠠᠯᠠᠪᠤᠷᠢ ᠪᠣᠯᠭᠠᠵᠤ᠂ ᠤᠬᠠᠭᠤᠯᠤᠨ ᠰᠤᠷᠭᠠᠬᠤ ᠂  ᠵᠢᠱᠢᠶ᠎ᠡ ᠦᠵᠡᠭᠦᠯᠦᠨ  ᠳᠠᠭᠠᠭᠤᠯᠬᠤ᠂ ᠴᠡᠭᠴᠡᠯᠡᠨ ᠵᠠᠰᠠᠬᠤ ᠵᠡᠷᠭᠡ ᠣᠯᠠᠨ ᠵᠦᠢᠯ  ᠤᠨ ᠠᠷᠭ᠎ᠠ ᠢᠶᠠᠷ᠂ ᠥᠷᠭᠡᠨ ᠣᠯᠠᠨ ᠲᠦᠮᠡᠨ ᠢ ᠬᠥᠲᠥᠯᠥᠨ ᠬᠠᠭᠤᠴᠢᠨ ᠪᠦᠳᠦᠭᠦᠯᠢᠭ ᠵᠠᠩᠰᠢᠯ ᠢ ᠠᠷᠢᠯᠭᠠᠵᠤ᠂ ᠪᠣᠯᠪᠠᠰᠤᠨ ᠰᠢᠨ᠎ᠡ ᠬᠡᠪ ᠰᠤᠷᠲᠠᠯ ᠢ ᠪᠣᠶ ᠪᠣᠯᠭᠠᠬᠤ ᠶᠢ ᠰᠠᠨᠠᠭᠠᠴᠢᠯᠠᠵᠤ᠂ ᠬᠡᠪᠰᠢᠮᠡᠯ ᠵᠠᠩ ᠲᠠᠳᠬᠠᠯ ᠢ ᠥᠭᠡᠷᠡᠴᠢᠯᠡᠬᠦ ᠠᠵᠢᠯ ᠢ ᠯᠠᠪᠳᠠᠭᠤᠨ ᠢᠶᠠᠷ ᠠᠬᠢᠭᠤᠯᠪᠠ᠃ ᠣᠶᠢᠷ᠎ᠠ ᠳᠤ᠂ ᠬᠡᠪᠰᠢᠮᠡᠯ ᠵᠠᠩ ᠲᠠᠳᠬᠠᠯ ᠢ ᠥᠭᠡᠷᠡᠴᠢᠯᠡᠬᠦ ᠲᠤᠷᠰᠢᠯᠭ᠎ᠠ ᠰᠣᠯᠢᠯᠴᠠᠬᠤ ᠬᠤᠷᠠᠯ ᠬᠤᠷᠠᠯᠳᠤᠭᠤᠯᠵᠤ᠂ ᠡᠯ᠎ᠡ ᠭᠠᠴᠠᠭᠠᠨ ᠤ ᠱᠦᠵᠢ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ 30 ᠭᠠᠷᠤᠶ ᠬᠥᠮᠦᠨ ᠲᠣᠰ ᠤᠳᠠᠭᠠᠨ ᠤ  ᠬᠤᠪᠢᠶᠠᠯᠴᠠᠬᠤ ᠬᠤᠷᠠᠯ ᠳᠤ ᠣᠷᠣᠯᠴᠠᠪᠠ᠃      ᠬᠤᠷᠠᠯ ᠠᠴᠠ 2023 ᠣᠨ ᠤ ᠬᠡᠪᠰᠢᠮᠡᠯ ᠵᠠᠩ ᠲᠠᠳᠬᠠᠯ ᠢᠶᠠᠨ ᠥᠭᠡᠷᠡᠴᠢᠯᠡᠬᠦ ᠠᠵᠢᠯ ᠢ ᠥᠷᠨᠢᠭᠦᠯᠦᠭᠰᠡᠨ ᠪᠠᠶᠢᠳᠠᠯ ᠢ ᠪᠥᠬᠦ ᠲᠠᠯ᠎ᠠ ᠪᠠᠷ ᠳ᠋ᠦᠩᠨᠡᠵᠦ᠂ ᠡᠯ᠎ᠡ ᠭᠠᠴᠠᠭᠠᠨ ᠤ ᠬᠡᠰᠡᠭ ᠮᠠᠯᠴᠢᠨ ᠲᠥᠯᠥᠭᠡᠯᠡᠭᠴᠢᠳ᠂ ᠣᠳᠣᠬᠠᠨ ᠤ ᠭᠠᠴᠠᠭᠠᠨ ᠤ ᠦᠨᠳᠦᠰᠦᠨ ᠱᠠᠲᠤᠨ ᠤ ᠵᠢᠯ ᠤᠷᠤᠭᠤᠯᠬᠤ ᠶᠢ ᠶᠡᠭᠡ ᠪᠠᠷ ᠬᠢᠬᠦ᠂ ᠯᠠᠷᠵᠢᠶ᠎ᠠ ᠶᠠᠩᠪᠠ ᠲᠠᠲᠠᠬᠤ ᠵᠡᠷᠭᠡ ᠵᠠᠩ ᠲᠠᠳᠬᠠᠯ ᠢ ᠥᠭᠡᠷᠡᠴᠢᠯᠡᠬᠦ ᠬᠦᠷᠢᠶᠠᠨ ᠳᠤ ᠭᠤᠤᠯᠳᠠᠯᠭ᠎ᠠ ᠲᠠᠢ ᠣᠷᠣᠰᠢᠵᠤ ᠪᠠᠶᠢᠭ᠎ᠠ ᠲᠣᠪᠤᠶᠢᠮ᠎ᠠ‌ᠠᠰᠠᠭᠤᠳᠠᠯ ᠳᠤ ᠥᠪᠡᠷ ᠤᠨ ᠰᠠᠨᠠᠯ ᠢᠶᠠᠨ ᠢᠳᠡᠪᠬᠢᠲᠡᠶ ᠢᠯᠡᠳᠬᠡᠵᠡᠶ᠃ ᠲᠡᠷᠡᠴᠢᠯᠡᠨ ᠵᠠᠩ ᠳᠠᠳᠬᠠᠯ ᠢ ᠥᠭᠡᠷᠡᠴᠢᠯᠡᠬᠦ ᠠᠵᠢᠯ ᠢ ᠥᠷᠨᠢᠭᠦᠯᠦᠭᠰᠡᠨ ᠠᠴᠠ ᠨᠠᠰᠢ᠂ ᠭᠠᠴᠠᠭᠠᠨ ᠤ ᠣᠶᠤᠨ ᠰᠠᠨᠠᠭᠠᠨ ᠤ ᠳᠦᠷᠰᠦ ᠪᠠᠶᠢᠳᠠᠯ ᠳᠤ ᠰᠢᠨ᠎ᠡ ᠬᠤᠪᠢᠷᠠᠯᠲᠠ ᠭᠠᠷᠴᠤ᠂ ᠣᠯᠠᠨ ᠢᠶᠠᠷ ᠢᠶᠠᠨ ᠶᠡᠭᠡ ᠬᠡᠮᠵᠢᠶ᠎ᠡ ᠪᠠᠷ ᠪᠦᠷᠢᠯᠭᠡᠨ ᠰᠦᠢᠳᠬᠡᠬᠦ ᠪᠠ ᠰᠣᠬᠤᠷ ᠪᠠᠯᠠᠶ ᠪᠠᠷ ᠠᠳᠠᠯᠢᠳᠬᠠᠬᠤ  ᠪᠠᠶᠢᠳᠠᠯ ᠬᠤᠪᠢᠷᠠᠨ᠂ ᠤᠷᠠᠨ ᠰᠠᠶᠢᠬᠠᠨ ᠤ ᠲᠣᠭᠯᠠᠯᠲᠠ᠂ ᠳᠤᠷ᠎ᠠ ᠰᠣᠨᠢᠷᠬᠠᠯ ᠤᠨ ᠲᠣᠭᠯᠠᠭᠠᠮ᠂ ᠨᠣᠮ ᠪᠢᠴᠢᠭ ᠪᠠ ᠳᠤᠷᠠᠰᠬᠠᠯ ᠤᠨ ᠪᠣᠳᠠᠰ  ᠪᠡᠯᠡᠭᠯᠡᠬᠦ ᠵᠡᠷᠭᠡ ᠰᠢᠨ᠎ᠡ ᠬᠡᠯᠪᠡᠷᠢ ᠲᠠᠶᠢᠰᠢ ᠬᠤᠪᠢᠷᠠᠨ᠂ ᠲᠣᠪᠴᠢ ᠠᠪᠰᠠᠷᠬᠠᠨ  ᠤᠤᠬ᠎ᠠ ᠠᠭᠤᠯᠭ᠎ᠠ ᠲᠠᠢ ᠮᠦᠷᠳᠡᠭᠡᠨ ᠪᠦᠷᠢᠯᠭᠡᠨ ᠰᠦᠢᠳᠭᠡᠬᠦ ᠠᠴᠠ ᠵᠠᠶᠢᠯᠠᠰᠬᠢᠵᠡᠢ ᠬᠡᠪᠡ᠃ ᠡᠯ᠎ᠡ ᠭᠠᠴᠠᠭᠠᠨ ᠤ ᠱᠦᠵᠢ         ᠠᠴᠠ᠂ ᠬᠤᠶᠢᠰᠢᠳᠠ ᠬᠠᠤᠯᠢ ᠲᠣᠭᠲᠠᠭᠠᠯ ᠳᠤ ᠨᠡᠶᠢᠴᠡᠬᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠳᠣᠭᠢᠷᠠᠭᠤᠯᠬᠤ᠂ ᠣᠯᠠᠨ ᠲᠦᠮᠡᠨ ᠤ ᠣᠷᠣᠯᠴᠠᠬᠤ ᠳᠤ ᠲᠥᠬᠦᠮ ᠭᠠᠴᠠᠭᠠᠨ ᠤ ᠲᠦᠷᠢᠮ ᠠᠷᠠᠳ ᠤᠨ ᠭᠡᠷ᠎ᠡ ᠶᠢᠨ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠮᠠᠯᠴᠢᠨ ᠲᠦᠮᠡᠨ ᠢ ᠬᠥᠲᠥᠯᠦᠨ  ᠵᠢᠯᠤᠭᠤᠳᠴᠦ ᠪᠠᠶᠢᠭᠠᠳ ᠰᠢᠨᠵᠢᠯᠡᠬᠦ ᠤᠬᠠᠭᠠᠨᠴᠢ ᠬᠡᠷᠡᠭᠯᠡᠭᠡᠨ ᠤ ᠳᠠᠳᠬᠠᠯ ᠢ ᠪᠣᠶ ᠪᠣᠯᠭᠠᠵᠤ᠂ ᠲᠠᠩᠰᠠ ᠪᠤᠳᠤᠵᠤ  ᠤᠷᠤᠯᠭ᠎ᠠ ᠵᠠᠷᠤᠯᠭ᠎ᠠ ᠪᠠᠨ ᠬᠠᠮᠢᠶᠠᠷᠬᠤ ᠶᠢ ᠪᠠᠷᠢᠮᠲᠠᠯᠠᠨ᠂ ᠬᠡᠷ ᠪᠦᠯᠢ ᠶᠢᠨ ᠣᠷᠣᠯᠭ᠎ᠠ ᠵᠠᠷᠤᠯᠭ᠎ᠠ ᠶᠢ ᠵᠦᠶ ᠵᠣᠬᠢᠰᠲᠠᠶ ᠳᠣᠭᠢᠷᠠᠭᠤᠯᠵᠤ᠂ ᠴᠢᠬᠤᠯᠠ ᠪᠤᠰᠤ ᠠᠮᠢᠳᠤᠷᠠᠯ ᠤᠨ ᠵᠠᠷᠤᠯᠭ᠎ᠠ ᠶᠢ ᠪᠠᠭᠠᠰᠬᠠᠬᠤ ᠶᠢᠨ ᠬᠠᠮᠲᠤ ᠬᠡᠪᠰᠢᠮᠡᠯ ᠵᠠᠩ ᠲᠠᠳᠬᠠᠯ  ᠢ ᠥᠭᠡᠷᠡᠴᠢᠯᠡᠬᠦ ᠠᠵᠢᠯ ᠢ ᠪᠠᠶᠢᠩᠭᠤᠵᠢᠭᠤᠯᠤᠨ ᠠᠬᠢᠭᠤᠯᠤᠨ᠎ᠠ ᠭᠡᠵᠡᠶ᠃ ᠬᠤᠷᠠᠯ ᠠᠴᠠ ᠡᠯ᠎ᠡ ᠭᠠᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠬᠠᠮᠰᠠᠷ ᠠᠴᠠ ᠪᠠᠨ ᠵᠠᠩ ᠳᠠᠳᠬᠠᠯ ᠢ ᠥᠭᠡᠷᠡᠴᠢᠯᠡᠬᠦ ᠳᠤᠮᠳᠠ ᠶᠣᠰᠣ ᠲᠦᠷᠢᠮ ᠢ ᠰᠠᠬᠢᠵᠤ᠂ ᠬᠤᠰᠢᠭᠤᠴᠢ ᠪᠤᠯᠵᠤ᠂ ᠲᠦᠷᠦᠯ ᠰᠠᠳᠤᠨ ᠪᠠ ᠳᠡᠷᠭᠡᠳᠡᠬᠢ ᠤᠯᠠᠨ ᠲᠦᠮᠡᠨ ᠢ ᠬᠥᠮᠦᠵᠢᠭᠦᠯᠦᠨ ᠵᠢᠯᠤᠭᠤᠳᠬᠤ ᠠᠵᠢᠯ ᠢ ᠢᠳᠡᠪᠬᠢᠲᠡᠢ ᠰᠠᠶᠢᠲᠤᠷ ᠬᠢᠬᠦ ᠬᠡᠷᠡᠭᠲᠡᠢ ᠭᠡᠪᠡ᠃      ᠲᠠᠷᠠᠭᠠᠴᠢ ᠶᠢᠨ ᠠᠯᠬᠤᠮ ᠳᠤ᠂ ᠬᠠᠲᠠᠪᠴᠢ ᠪᠠᠯᠭᠠᠰᠤ ᠬᠡᠪᠰᠢᠮᠡᠯ ᠵᠠᠩ  ᠲᠠᠳᠬᠠᠯ ᠢ ᠥᠭᠡᠷᠡᠴᠢᠯᠡᠬᠦ ᠠᠵᠢᠯ ᠤᠨ ᠦᠷ᠎ᠡ ᠪᠦᠲᠦᠭᠡᠯ ᠢᠶᠠᠨ ᠤᠯᠠᠮ ᠨᠢᠭᠡ ᠠᠯᠬᠤᠮ ᠪᠠᠬᠢᠵᠢᠭᠦᠯᠵᠦ᠂ ᠲᠤᠷᠰᠢᠯᠭ᠎ᠠ ᠪᠠᠨ ᠲᠠᠰᠤᠷᠠᠯᠲᠠ ᠥᠬᠡᠶ ᠳ᠋ᠦᠩᠨᠡᠵᠦ᠂ ᠰᠢᠨ᠎ᠡ ᠶᠢ ᠡᠭᠦᠳᠴᠦ᠂ ᠥᠷᠭᠡᠨ ᠢᠶᠠᠷ ᠤᠬᠠᠭᠤᠯᠤᠨ ᠳᠠᠶᠢᠴᠢᠯᠠᠵᠤ᠂ ᠬᠠᠭᠤᠴᠢᠨ ᠶᠣᠰᠣ ᠪᠦᠳᠦᠭᠦᠯᠢᠭ ᠳᠠᠳᠬᠠᠯ ᠢ ᠠᠷᠢᠯᠭᠠᠵᠤ᠂ ᠪᠣᠯᠪᠠᠰᠤᠨ ᠰᠢᠨ᠎ᠡ ᠰᠤᠷᠲᠠᠯ ᠢ ᠪᠣᠶ ᠪᠣᠯᠭᠠᠬᠤ ᠠᠵᠢᠯ ᠤᠨ ᠲᠠᠯ᠎ᠠ ᠪᠠᠷ ᠰᠢᠨᠲᠠᠷᠠᠰᠢ ᠥᠬᠡᠶ ᠴᠢᠷᠮᠠᠶᠢᠵᠤ᠂ ᠣᠯᠠᠨ ᠲᠦᠮᠡᠨ ᠢ ᠬᠥᠲᠥᠯᠥᠨ ᠵᠢᠯᠤᠭᠤᠳᠴᠦ ᠪᠠᠶᠢᠭᠠᠳ ︽ᠪᠣᠯᠬᠢ ᠵᠠᠩᠰᠢᠯ ᠢ ᠠᠷᠢᠯᠭᠠᠵᠤ᠂ ᠪᠣᠯᠪᠠᠰᠤᠨ ᠢ ᠤᠯᠠᠮᠵᠢᠯᠠᠵᠤ᠂ ᠰᠢᠨ᠎ᠡ ᠬᠡᠪ ᠰᠤᠷᠲᠠᠯ ᠢ ᠪᠣᠶ ᠪᠣᠯᠭᠠᠬᠤ︾  ᠢ ᠢᠳᠡᠪᠬᠢᠲᠡᠶ ᠰᠠᠨᠠᠭᠠᠴᠢᠯᠠᠨ᠂ ᠰᠠᠶᠢᠨ ᠲᠤᠷ᠎ᠠ ᠠᠴᠠ ᠪᠠᠨ ᠤᠯᠠᠮᠵᠢᠯᠠᠭᠴᠢ ᠪᠠ ᠦᠢᠯᠡᠳᠦᠯᠭᠡᠵᠢᠭᠦᠯᠦᠭᠴᠢ  ᠪᠤᠯᠬᠤ ᠪᠠᠷ ᠴᠢᠷᠮᠠᠶᠢᠨ ᠠᠵᠢᠯᠯᠠᠨ᠎ᠠ  ᠃
 
ᠢᠷᠡᠯᠲᠡ᠄ ᠬᠠᠳᠠᠪᠴᠢ ᠪᠠᠯᠭᠠᠰᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号